4 ᠳ᠋ᠦ᠋ᠭᠡᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ | 2025 ᠣᠨ ᠤ 16 ᠳ᠋ᠤᠭᠠᠷ ᠤᠳᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠯᠠᠨ ᠤᠯᠤᠰ ᠤᠨ ᠦᠶᠯᠡᠳᠪᠦᠷᠢ | ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ᠂ ᠨᠡᠶᠢᠰᠯᠡᠯ ᠤᠨ ᠠᠯᠪᠠᠨ ᠵᠢᠷᠤᠮ ᠤᠨ ᠮᠣᠳᠣ | ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ 2025 | ᠣᠨ ᠤ 7 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ᠴᠢᠬᠤᠯᠠ ᠵᠣᠬᠢᠶᠠᠯ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ | ᠤᠷᠤᠭᠰᠢᠯᠠᠶ᠎ᠠ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ 3 ᠳ᠋ᠤᠭᠠᠷ ᠰᠠᠷ᠎ᠠ ᠶᠢᠨ 31 ᠤ ᠡᠳᠦᠷ ᠤᠨ ᠬᠤᠷᠠᠯ ᠤᠨ ᠵᠣᠷᠢᠭ ᠰᠠᠨᠠᠭ᠎ᠠ ᠵᠢᠴᠢ ᠣᠶᠢᠷ᠎ᠠ ᠶᠢᠨ | ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠬᠦᠴᠦᠯᠡᠨ ᠰᠢᠯᠢᠳᠡᠭᠵᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠢᠳᠡᠪᠬᠢᠲᠡᠢ ᠬᠥᠭᠵᠢᠭᠦᠯᠵᠦ᠂ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠨᠠᠮ | ᠤᠨ ᠲᠥᠪ ᠬᠤᠷᠢᠶᠠᠨ ᠤ ᠬᠤᠯᠪᠣᠭᠳᠠᠯ ᠪᠥᠬᠦᠶ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠬᠠᠮᠤᠭ ᠤᠨ ᠰᠢᠨ᠎ᠡ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ | ᠳᠤ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠶ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠢᠨᠠᠨ ᠪᠤᠳᠤᠵᠤ ᠬᠢᠨᠠᠯᠲᠠ ᠲᠠᠯᠪᠢᠬᠤ᠂ ᠰᠤᠷᠤᠯᠴᠠᠯᠭ᠎ᠠ | ᠬᠥᠮᠦᠵᠢᠯ ᠪᠣᠯᠤᠨ ᠣᠨ ᠤ ᠭᠤᠣᠯᠳᠠᠯᠭ᠎ᠠ ᠲᠠᠢ ᠡᠭᠦᠷᠭᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠦᠷᠦᠭᠦᠦ ᠤᠯᠠᠷᠢᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠢ ᠶᠢᠨ | ᠠᠵᠢᠯᠯᠠᠭᠠᠨ ᠤ ᠵᠠᠳᠠᠯᠤᠯᠲᠠ ᠪᠣᠯᠤᠨ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ | ︽12566︾ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠩᠰᠠ ᠲᠤᠰᠢᠶᠠᠵᠤ ᠰᠢᠯᠭᠠᠯᠲᠠ | ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠣᠨ ᠤ ᠬᠠᠷᠠᠯᠲᠠ ᠶᠢ ᠴᠢᠩᠭ᠎ᠠ ᠠᠩᠬᠠᠷᠴᠤ᠂ ᠱᠠᠯᠠᠪᠳᠠᠭᠤᠯᠤᠨ | ᠰᠢᠢᠳᠪᠦᠷᠢᠯᠡᠵᠦ ᠠᠩᠬᠠᠷᠤᠨ ᠰᠢᠢᠳᠪᠦᠷᠢᠯᠡᠬᠦ ᠦᠢᠯᠡᠳᠦᠯ ᠢᠶᠠᠨ ᠪᠠᠳᠠᠷᠠᠭᠤᠯᠵᠤ᠂ ᠣᠶᠢᠯᠠᠭᠠᠯᠴᠠᠨ ᠬᠠᠷᠢᠯᠴᠠᠬᠤ ᠪᠠᠨ | ᠴᠢᠩᠭᠠᠳᠬᠠᠵᠤ᠂ ᠲᠦᠭᠵᠢᠷᠡᠯ ᠬᠤᠷᠢᠭ᠎ᠠ ᠴᠡᠭ ᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠦᠨᠡᠨ ᠪᠣᠳᠠᠲᠠᠢ | ᠠᠬᠢᠴᠠ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | 2025 ᠣᠨ ᠤ ᠣᠨᠣᠯ ᠤᠨ ᠭᠤᠤᠯ ᠳᠤᠭᠤᠶᠢᠯᠠᠩ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠭᠤᠤᠯᠳᠠᠯᠭ᠎ᠠ | ᠲᠠᠢ ᠠᠭᠤᠯᠭ᠎ᠠ ᠶᠢᠨ ᠲᠣᠬᠢᠷᠠᠭᠤᠯᠤᠯᠲᠠ︾ ᠵᠢᠴᠢ ᠪᠤᠰᠤᠳ ᠵᠦᠶᠯᠡᠰ ᠢ ᠰᠤᠳᠤᠯᠪᠠ᠃ | |