︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠤᠯᠬᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ  ᠶᠢᠨ ᠲᠤᠰᠬᠠᠶ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ  ᠤᠨ ᠮᠡᠳᠡᠭᠳᠡᠯ
ᠨᠡᠶᠢᠲᠡᠯᠡᠭᠰᠡᠨ ᠴᠠᠭ᠄
2025/4/14
ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ ᠲᠢᠩᠬᠢᠮ  ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠄         ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠤᠯᠬᠦᠢ ᠦᠶᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ  ᠤ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ  ᠤᠨ 2025 ᠣᠨ ᠤ 1 ᠳ᠋ᠦ᠋ᠭᠡᠷ ᠤᠳᠠᠭᠠᠨ ᠤ ᠲᠢᠩᠬᠢᠮ ᠤᠨ ᠶᠠᠪᠤᠳᠠᠯ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠦᠭᠡᠷᠡᠢ᠃               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                             2025 ᠣᠨ ᠤ 2 ᠳ᠋ᠤᠭᠠᠷ ᠰᠠᠷ᠎ᠠ ᠶᠢᠨ 25 ᠤ ᠡᠳᠦᠷ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠤᠯᠬᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ  ᠤ ᠬᠠᠮᠢᠶᠠᠷᠤᠯᠲᠠ ᠶᠢᠨ ᠠᠷᠭ᠎ᠠ     ᠨᠢᠭᠡᠳᠦᠭᠡᠷ ᠪᠦᠯᠦᠭ ᠶᠡᠷᠦᠩᠬᠡᠢ ᠳᠦᠷᠢᠮ     ᠨᠢᠭᠡᠳᠦᠭᠡᠷ ᠵᠦᠶᠯ   ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠬᠦᠢ ᠦᠶᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯᠲᠡᠨ ᠤ ᠰᠢᠶᠳᠪᠦᠷᠢᠲᠦ ᠪᠣᠳᠣᠯᠭ᠎ᠠ ᠶᠢᠨ ᠯᠠᠪᠯᠠᠯᠭ᠎ᠠ ᠪᠠ ᠮᠡᠷᠭᠡᠵᠢᠯ ᠤᠨ ᠲᠤᠯᠭᠠᠭᠤᠷᠢᠯᠠᠬᠤ ᠦᠶᠯᠡᠳᠦᠯ ᠢ ᠭᠦᠶᠴᠡᠳ ᠪᠠᠳᠠᠷᠠᠭᠤᠯᠤᠨ᠂ ᠠᠵᠢᠯ ᠲᠥᠷᠥᠯ ᠤᠨ ᠠᠶᠦᠯᠬᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠬᠦᠢ ᠦᠶᠯᠡᠳᠪᠦᠷᠢᠯᠡᠯ ᠤᠨ ᠬᠠᠤᠯᠢ︾᠂           ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠦᠯᠬᠦᠢ ᠦᠶᠯᠡᠳᠪᠦᠷᠢᠯᠡᠯ ᠤᠨ ᠲᠦᠷᠢᠮ︾ ᠪᠣᠯᠤᠨ      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠲᠢᠩᠬᠢᠮ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃     ᠬᠤᠶᠠᠳᠤᠭᠠᠷ ᠵᠦᠢᠯ   ᠲᠤᠰ ᠠᠷᠭ᠎ᠠ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠤᠯᠬᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠵᠢᠴᠢ ᠲᠤᠰᠬᠠᠶ ᠮᠡᠷᠭᠡᠵᠢᠯᠲᠡᠨ ᠢ ᠤᠷᠢᠨ ᠬᠡᠷᠡᠭᠯᠡᠬᠦ ᠪᠠ ᠬᠠᠮᠢᠶᠠᠷᠬᠤ ᠳᠤ ᠲᠣᠬᠢᠷᠠᠨ᠎ᠠ᠃     ᠭᠤᠷᠪᠠᠳᠤᠭᠠᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠲᠤᠰᠬᠠᠶ ᠮᠡᠷᠭᠡᠵᠢᠯᠲᠡᠨ ᠭᠡᠳᠡᠭ ᠨᠢ ᠲᠤᠰ ᠠᠷᠭ᠎ᠠ  ᠳᠤ ᠲᠣᠭᠲᠠᠭᠠᠭᠰᠠᠨ ᠨᠥᠬᠦᠴᠡᠯ ᠪᠣᠯᠤᠨ ᠱᠠᠭᠠᠷᠳᠠᠯᠭ᠎ᠠ ᠳᠤ ᠨᠡᠶᠢᠴᠡᠵᠦ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠬᠦᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ  ᠶᠢᠨ ᠠᠵᠢᠯ ᠳᠤ ᠰᠢᠶᠳᠪᠦᠷᠢᠲᠦ ᠪᠣᠳᠣᠯᠭ᠎ᠠ ᠶᠢᠨ ᠯᠠᠪᠯᠠᠯᠭ᠎ᠠ ᠪᠣᠯᠤᠨ ᠮᠡᠷᠭᠡᠵᠢᠯ ᠤᠨ ᠲᠤᠯᠭᠠᠭᠤᠷᠢᠯᠠᠯ ᠵᠡᠷᠭᠡ ᠦᠢᠯᠡᠴᠢᠯᠡᠭᠡᠨ ᠬᠠᠩᠭᠠᠬᠤ ᠲᠤᠰᠬᠠᠶ ᠮᠡᠷᠭᠡᠵᠢᠯ ᠤᠨ ᠠᠵᠢᠯᠲᠠᠨ ᠢ ᠵᠢᠭᠠᠵᠤ ᠪᠤᠶ᠃     ᠳᠥᠷᠪᠡᠳᠦᠭᠡᠷ ᠵᠦᠶᠯ   ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠢ ᠬᠦᠷᠢᠶ᠎ᠡ ᠬᠡᠪᠴᠢᠶ᠎ᠡ ᠪᠠᠷ ᠨᠢ ᠵᠠᠮ ᠲᠡᠭᠡᠭᠡᠪᠦᠷᠢ᠂ ᠬᠤᠲᠠ ᠶᠢᠨ ᠠᠶᠠᠨᠴᠢᠳ ᠤᠨ ᠵᠥᠭᠡᠭᠡᠪᠦᠷᠢ᠂ ᠤᠰᠤᠨ ᠳᠡᠭᠡᠷᠡᠬᠢ ᠵᠠᠮ ᠬᠠᠷᠢᠯᠴᠠᠭ᠎ᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠠᠰᠠᠮᠠᠯ ᠵᠠᠮ ᠤᠨ ᠲᠡᠭᠡᠭᠡᠪᠦᠷᠢ ᠡᠵᠡᠩᠨᠡᠯᠲᠡ᠂ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ᠂ ᠶᠡᠷᠦᠩᠬᠡᠶᠢᠯᠡᠭᠰᠡᠨ ᠬᠠᠮᠢᠶᠠᠷᠤᠯᠲᠠ ᠵᠡᠷᠭᠡ 7 ᠬᠦᠷᠢᠶ᠎ᠡ ᠬᠡᠪᠴᠢᠶᠡᠨ ᠳᠤ ᠬᠤᠪᠢᠶᠠᠨ᠎ᠠ᠃ ᠲᠤᠰᠬᠠᠶ ᠮᠡᠷᠭᠡᠵᠢᠯᠲᠡᠨ ᠤ ᠬᠥᠮᠥᠷᠭᠡ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯ  ᠤᠨ ᠬᠡᠷᠡᠭᠴᠡᠭᠡ ᠪᠠᠨ ᠦᠨᠳᠦᠰᠦᠯᠡᠨ᠂ ᠵᠣᠬᠢᠰᠲᠠᠶ ᠲᠣᠬᠢᠷᠠᠭᠤᠯᠬᠤ ᠪᠠ ᠨᠥᠬᠦᠪᠥᠷᠢᠯᠡᠵᠦ ᠪᠣᠯᠤᠨ᠎ᠠ᠃     ᠲᠠᠪᠤᠳᠤᠭᠠᠷ ᠵᠦᠶᠯ   ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠦᠯᠬᠦᠢ ᠦᠶᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ  ᠤ ᠬᠠᠮᠢᠶᠠᠷᠤᠯᠲᠠ ᠶᠢᠨ ᠠᠵᠢᠯ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠦᠯᠬᠦᠢ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ︵ᠳᠣᠷᠣᠭᠰᠢ ︽ᠲᠢᠩᠬᠢᠮ ᠤᠨ ᠠᠶᠦᠯᠬᠦᠢ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ︾ ᠭᠡᠵᠦ ᠲᠣᠪᠴᠢᠯᠠᠨ᠎ᠠ︶ ᠠᠴᠠ ᠲᠤᠰᠬᠠᠶ ᠮᠡᠷᠭᠡᠵᠢᠯᠲᠡᠨ ᠢ ᠤᠷᠢᠨ ᠬᠡᠷᠡᠭᠯᠡᠵᠦ ᠬᠠᠮᠢᠶᠠᠷᠬᠤ᠂ ᠵᠣᠬᠢᠴᠠᠭᠤᠯᠤᠨ ᠦᠶᠯᠡᠴᠢᠯᠡᠬᠦ ᠵᠡᠷᠭᠡ ᠡᠳᠦᠷ ᠲᠤᠲᠤᠮ ᠤᠨ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ᠂ ᠭᠤᠤᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠵᠢᠯ ᠪᠦᠷᠢ ᠲᠤᠰᠬᠠᠶ ᠮᠡᠷᠭᠡᠵᠢᠯᠲᠡᠨ ᠲᠣᠮᠢᠯᠠᠬᠤ᠂ ᠡᠭᠦᠷᠭᠡ ᠭᠦᠢᠴᠡᠳᠬᠡᠬᠦ ᠵᠡᠷᠭᠡ ᠪᠠᠶᠢᠳᠠᠯ ᠳᠤ ᠵᠠᠳᠠᠯᠤᠯᠲᠠ ᠬᠢᠵᠦ ᠦᠨᠡᠯᠡᠨ ᠵᠢᠱᠢᠵᠦ᠂ ᠲᠤᠰᠬᠠᠶ ᠮᠡᠷᠭᠡᠵᠢᠯᠲᠡᠨ ᠤ ᠬᠠᠮᠢᠶᠠᠷᠤᠯᠲᠠ ᠶᠢᠨ ᠠᠵᠢᠯ ᠤᠨ ᠬᠢᠷᠢ ᠬᠡᠮᠵᠢᠶ᠎ᠡ  ᠶᠢ ᠲᠠᠰᠤᠷᠠᠯᠲᠠ ᠤᠢᠭᠡᠢ ᠰᠠᠶᠢᠵᠢᠷᠠᠭᠤᠯᠤᠨ ᠳᠡᠭᠡᠭᠰᠢᠯᠡᠭᠦᠯᠦᠨ᠎ᠡ︔     ︵ᠬᠤᠶᠠᠷ︶ ᠲᠤᠰᠬᠠᠶ ᠮᠡᠷᠭᠡᠵᠢᠯᠲᠡᠨ ᠤ ᠮᠡᠳᠡᠭᠡ ᠵᠠᠩᠭᠢ ᠶᠢ ᠴᠠᠭ ᠲᠤᠬᠠᠶ ᠳᠤ ᠨᠢ ᠰᠢᠨᠡᠳᠬᠡᠵᠦ᠂ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠦᠨ᠎ᠡ︔     ︵ᠭᠤᠷᠪᠠ︶ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ ᠢ ᠰᠠᠶᠢᠰᠢᠶᠠᠨ ᠬᠥᠬᠢᠭᠦᠯᠵᠦ ᠱᠠᠩᠨᠠᠨ᠎ᠠ︔     ︵ᠳᠥᠷᠪᠡ︶ ᠲᠤᠰᠬᠠᠶ ᠮᠡᠷᠭᠡᠵᠢᠯᠲᠡᠨ ᠤ ᠬᠠᠮᠢᠶᠠᠷᠤᠯᠲᠠ ᠶᠢᠨ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠴᠠᠭ ᠲᠤᠬᠠᠶ ᠳᠤ ᠨᠢ ᠰᠣᠨᠣᠰᠴᠤ᠂ ᠲᠤᠰᠬᠠᠶ ᠮᠡᠷᠭᠡᠵᠢᠯᠲᠡᠨ ᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠭᠰᠡᠨ ᠮᠠᠭᠤ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠵᠦ ᠵᠠᠭᠠᠯᠳᠤᠭᠰᠠᠨ ᠢ ᠭᠥᠯᠢᠶᠡᠨ ᠠᠪᠴᠤ ᠰᠢᠶᠳᠪᠦᠷᠢᠯᠡᠨ᠎ᠡ︔     ︵ᠲᠠᠪᠤ︶ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ ᠠᠴᠠ ᠪᠣᠯᠵᠤ ᠮᠠᠭᠤ ᠨᠥᠯᠥᠭᠡ ᠭᠠᠷᠭᠠᠭᠰᠠᠨ ᠪᠣᠯ ᠲᠤᠰᠬᠠᠶ ᠮᠡᠷᠭᠡᠵᠢᠯᠲᠡᠨ ᠤ ᠬᠢᠷᠢ ᠬᠡᠮ ᠢ ᠨᠢ ᠬᠠᠰᠤᠵᠤ᠂ ᠲᠤᠰ ᠬᠥᠮᠦᠨ ᠤ ᠪᠠᠶᠢᠭ᠎ᠠ ᠨᠢᠭᠡᠴᠢ ᠳᠤ ᠨᠢ ᠮᠡᠳᠡᠭᠦᠯᠬᠦ  ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠢ ᠰᠠᠨᠠᠭᠤᠯᠤᠨ ᠪᠠᠶᠢᠴᠠᠭᠠᠨ ᠰᠢᠢᠳᠪᠦᠷᠢᠯᠡᠭᠦᠯᠦᠨ᠎ᠡ᠃     ᠬᠤᠶᠠᠳᠤᠭᠠᠷ ᠪᠦᠯᠦᠭ ᠲᠤᠰᠬᠠᠶ ᠮᠡᠷᠭᠡᠵᠢᠯᠲᠡᠨ ᠢ ᠰᠣᠩᠭᠤᠨ ᠤᠷᠢᠬᠤ      ᠵᠢᠷᠭᠤᠳᠤᠭᠠᠷ ᠵᠦᠶᠯ  ᠲᠤᠰᠬᠠᠶ ᠮᠡᠷᠭᠡᠵᠢᠯᠲᠡᠨ ᠢ ᠵᠥᠪᠰᠢᠶᠡᠷᠡᠨ ᠣᠷᠣᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠣᠩᠭᠤᠨ ᠤᠷᠢᠬᠤ ᠲᠤᠰᠬᠠᠶ ᠮᠡᠷᠭᠡᠵᠢᠯᠲᠡᠨ ᠨᠢ ᠳᠣᠤᠷᠠᠬᠢ ᠦᠨᠳᠦᠰᠦᠨ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄     ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠬᠦᠷᠢᠶᠡᠯᠡᠵᠦ᠂ ᠤᠯᠤᠰ ᠲᠦᠷᠦ  ᠶᠢᠨ ᠵᠣᠭᠰᠣᠯᠲᠠ ᠪᠠᠲᠤ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠱᠤᠭᠤᠮ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠬᠠᠢ ᠮᠡᠷᠭᠡᠵᠢᠯᠲᠡᠨ ᠤ ᠠᠵᠢᠯ ᠳᠤ ᠰᠠᠶᠢᠨ ᠳᠤᠷ᠎ᠠ ᠠᠴᠠ ᠪᠠᠨ ᠣᠷᠣᠯᠴᠠᠵᠤ᠂ ᠰᠠᠶᠢᠨ ᠰᠠᠶᠢᠬᠠᠨ ᠠᠵᠢᠯ ᠮᠡᠷᠭᠡᠵᠢᠯ ᠤᠨ ᠶᠣᠰᠣ ᠮᠣᠷᠠᠯ ᠲᠠᠢ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠶᠢ ᠰᠠᠬᠢᠬᠤ᠂ ᠣᠪᠣᠷ ᠰᠤᠷᠲᠠᠯ ᠲᠥᠪ ᠴᠢᠬᠡᠴᠢ᠂ ᠦᠨᠡᠨᠴᠢ ᠢᠲᠡᠭᠡᠮᠵᠢᠲᠡᠢ᠂ ᠡᠷᠡᠭᠦᠯ ᠪᠤᠰᠤ ᠢᠲᠡᠭᠡᠮᠵᠢ ᠶᠢᠨ ᠲᠡᠮᠳᠡᠭᠯᠡᠯ ᠦᠭᠡᠢ ᠪᠠᠶᠢᠬᠤ︔     ︵ᠬᠤᠶᠠᠷ︶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠬᠦᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠵᠢᠷᠤᠮᠵᠢᠯ ᠤᠨ ᠪᠠᠷᠢᠮᠵᠢᠶ᠎ᠠ ᠶᠢ ᠣᠶᠢᠯᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠬᠦᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠯᠤᠭ᠎ᠠ ᠬᠤᠯᠪᠣᠭᠳᠠᠬᠤ ᠲᠤᠰᠬᠠᠶ ᠮᠡᠷᠭᠡᠵᠢᠯ ᠤᠨ ᠣᠨᠣᠯ᠂ ᠠᠵᠢᠯ ᠤᠨ ᠳᠡᠰ ᠳᠠᠷᠠᠭᠠᠯᠠᠯ ᠪᠣᠯᠤᠨ ᠠᠵᠢᠯ ᠤᠨ ᠠᠷᠭ᠎ᠠ ᠶᠢ ᠡᠵᠡᠮᠰᠢᠵᠦ᠂ ᠪᠡᠶ᠎ᠡ ᠪᠠᠨ ᠳᠠᠭᠠᠭᠠᠨ ᠠᠵᠢᠯ ᠢᠶᠠᠨ ᠥᠷᠨᠢᠭᠦᠯᠵᠦ ᠳᠡᠶᠢᠯᠬᠦ ᠬᠡᠷᠡᠭᠲᠡᠶ︔     ︵ᠭᠤᠷᠪᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠬᠦᠷᠢᠶᠡᠨ ᠤ ᠬᠠᠮᠢᠶᠠᠷᠤᠯᠲᠠ ᠶᠢ 8 ᠵᠢᠯ ᠠᠴᠠ ᠳᠡᠭᠡᠭᠰᠢ ᠬᠢᠭᠰᠡᠨ︔ ᠡᠰᠡᠬᠦᠯ᠎ᠡ ᠳᠣᠤᠷᠠᠬᠢ ᠭᠤᠷᠪᠠᠨ ᠵᠦᠶᠯ ᠤᠨ ᠨᠢᠭᠡ ᠨᠢ ᠪᠠᠶᠢᠬᠤ ᠮᠥᠷᠲᠡᠭᠡᠨ 5 ᠵᠢᠯ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠪᠤᠶᠤ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠠᠵᠢᠯ ᠤᠨ ᠲᠤᠷᠰᠢᠯᠭ᠎ᠠ ᠲᠠᠢ ᠪᠠᠶᠢᠬᠤ︔ ᠲᠤᠰᠬᠠᠶ ᠮᠡᠷᠭᠡᠵᠢᠯᠲᠡᠨ ᠤ ᠲᠤᠭ᠎ᠠ ᠬᠡᠮᠵᠢᠶ᠎ᠡ ᠪᠠᠷ ᠨᠡᠯᠢᠶᠡᠳ ᠴᠥᠭᠡᠨ ᠬᠦᠷᠢᠶ᠎ᠡ ᠴᠠᠷᠠᠭ᠎ᠠ ᠶᠢᠨ ᠲᠥᠷᠥᠯ ᠵᠦᠶᠯ ᠳᠤ᠂ ᠨᠥᠬᠦᠴᠡᠯ ᠢ ᠵᠣᠬᠢᠰᠲᠠᠶ ᠠᠭᠤᠵᠢᠭᠤ ᠲᠠᠯᠪᠢᠵᠤ ᠪᠣᠯᠤᠨ᠎ᠠ᠄     1. ᠳᠡᠭᠡᠳᠦ ᠵᠡᠷᠭᠡ ᠵᠢᠴᠢ ᠲᠡᠭᠦᠨ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠴᠣᠯᠠ ᠲᠠᠢ︔     2.  ᠳᠠᠩᠰᠠᠯᠠᠭᠤᠯᠤᠭᠰᠠᠨ ᠠᠶᠤᠯᠭᠦᠢ ᠶᠢᠨ ᠢᠨᠵᠧᠨᠧᠷ ᠤᠨ ᠬᠢᠷᠢ ᠬᠡᠮ ᠤᠨ ᠦᠨᠡᠮᠯᠡᠯ ᠲᠠᠢ︔     3. ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠮᠤᠷ ᠲᠦᠪᠰᠢᠨ ᠤ ᠦᠨᠡᠯᠡᠭᠴᠢ ᠶᠢᠨ ᠬᠢᠷᠢ ᠬᠡᠮ  ᠤᠨ ᠦᠨᠡᠮᠯᠡᠯ ᠲᠠᠢ᠃     ︵ᠳᠥᠷᠪᠡ︶ ᠪᠡᠶ᠎ᠡ ᠮᠠᠬᠠᠪᠣᠳ ᠡᠷᠡᠭᠦᠯ ᠴᠢᠭᠢᠷᠠᠭ᠂ ᠴᠤᠭ ᠵᠢᠪᠬᠤᠭ᠎ᠠ ᠲᠡᠭᠦᠯᠳᠡᠷ᠂ ᠨᠡᠯᠢᠶᠡᠳ ᠭᠦᠶᠴᠡᠳ ᠴᠠᠭ  ᠲᠠᠢ ᠪᠠᠶᠢᠵᠤ᠂ ᠲᠤᠬᠠᠶ ᠶᠢᠨ ᠲᠠᠯᠠᠪᠠᠶ ᠶᠢᠨ ᠠᠵᠢᠯ ᠢ ᠡᠭᠦᠷᠭᠡᠯᠡᠵᠦ ᠳᠡᠶᠢᠯᠬᠦ᠃ ᠨᠠᠰᠤ ᠵᠢᠯ ᠨᠢ ᠵᠠᠷᠴᠢᠮ ᠳᠡᠭᠡᠷ᠎ᠡ ᠪᠠᠨ ᠪᠦᠬᠦᠯᠢ 65 ᠨᠠᠰᠤᠨ ᠠᠴᠠ ᠬᠡᠲᠦᠷᠡᠵᠦ ᠪᠣᠯᠬᠤ ᠥᠬᠡᠶ᠂ ᠦᠨᠡᠬᠡᠷ ᠲᠤᠰᠬᠠᠶ ᠮᠡᠷᠭᠡᠵᠢᠯ ᠤᠨ ᠬᠤᠪᠣᠷ ᠴᠤᠬᠠᠭ ᠴᠢᠳᠠᠪᠤᠷᠢᠲᠠᠨ᠂ ᠠᠵᠢᠯ ᠲᠥᠷᠥᠯ ᠤᠨ ᠳᠠᠭᠠᠭᠤᠯᠤᠭᠴᠢ ᠬᠥᠮᠦᠨ ᠪᠤᠶᠤ ᠴᠢᠬᠤᠯᠠ ᠨᠥᠯᠥᠭᠡᠯᠡᠬᠦ ᠬᠦᠴᠦᠨ ᠲᠠᠢ ᠬᠥᠮᠦᠨ ᠳᠤ ᠬᠠᠷᠢᠶᠠᠯᠠᠭᠳᠠᠪᠠᠯ᠂ ᠨᠠᠰᠤ ᠵᠢᠯ ᠤᠨ ᠬᠢᠵᠠᠭᠠᠷᠯᠠᠯ ᠢ ᠵᠣᠬᠢᠰᠲᠠᠶ ᠠᠭᠤᠵᠢᠭᠤ ᠲᠠᠯᠪᠢᠵᠤ ᠪᠣᠯᠤᠨ᠎ᠠ᠃     ᠳᠣᠯᠣᠳᠤᠭᠠᠷ ᠵᠦᠢᠯ    ᠲᠤᠰᠬᠠᠶ ᠮᠡᠷᠭᠡᠵᠢᠯᠲᠡᠨ ᠢ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ ᠠᠵᠢᠯ ᠦᠢᠯᠡᠰ  ᠤᠨ ᠨᠢᠭᠡᠴᠢ ᠶᠢᠨ ᠮᠡᠷᠭᠡᠵᠢᠯ ᠤᠨ ᠠᠵᠢᠯᠲᠠᠨ᠂ ᠬᠠᠮᠢᠶᠠᠷᠤᠯᠲᠠ ᠶᠢᠨ ᠠᠵᠢᠯᠲᠠᠨ ᠪᠣᠯᠤᠨ ᠠᠵᠢᠯ ᠠᠴᠠ ᠪᠠᠨ ᠠᠮᠠᠷᠠᠭᠰᠠᠳ ᠠᠴᠠ ᠤᠷᠢᠨ ᠲᠣᠮᠢᠯᠠᠵᠤ ᠪᠣᠯᠤᠨ᠎ᠠ᠂ ᠨᠥᠬᠦᠴᠡᠯ ᠳᠤ ᠨᠡᠶᠢᠴᠡᠬᠦ ᠨᠡᠶᠢᠭᠡᠮ ᠤᠨ ᠠᠵᠢᠯᠲᠠᠨ ᠤ ᠳᠣᠲᠣᠷ᠎ᠠ  ᠠᠴᠠ ᠤᠷᠢᠨ ᠲᠣᠮᠢᠯᠠᠭᠰᠠᠨ ᠴᠤ ᠪᠣᠯᠤᠨ᠎ᠠ᠃     ᠨᠠᠶᠮᠠᠳᠤᠭᠠᠷ ᠵᠦᠶᠯ   ᠲᠤᠰᠬᠠᠶ ᠮᠡᠷᠭᠡᠵᠢᠯᠲᠡᠨ ᠤ ᠠᠵᠢᠯᠯᠠᠵᠤ ᠪᠠᠶᠢᠭ᠎ᠠ ᠨᠢᠭᠡᠴᠢ᠂ ᠬᠠᠷᠢᠯᠴᠠᠬᠤ ᠠᠷᠭ᠎ᠠ ᠮᠠᠶ᠋ᠢᠭ᠂ ᠲᠤᠰᠬᠠᠶ ᠮᠡᠷᠭᠡᠵᠢᠯ ᠤᠨ ᠴᠣᠯᠠ᠂ ᠵᠠᠶᠢᠯᠠᠬᠤ ᠴᠢᠬᠤᠯᠠᠲᠠᠶ ᠮᠡᠳᠡᠭᠡ ᠵᠠᠩᠭᠢ ᠵᠡᠷᠭᠡ ᠳᠤ ᠬᠤᠪᠢᠷᠠᠯᠲᠠ ᠭᠠᠷᠪᠠᠯ᠂ ᠲᠢᠩᠬᠢᠮ ᠤᠨ ᠠᠶᠦᠯᠬᠦᠢ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠲᠤ ᠬᠠᠮᠢᠶ᠎ᠠ ᠪᠥᠬᠦᠶ ᠮᠡᠳᠡᠭᠡ ᠵᠠᠩᠭᠢ ᠪᠠᠨ ᠬᠤᠪᠢᠷᠠᠭᠤᠯᠬᠤ ᠪᠠᠷ ᠴᠠᠭ ᠲᠤᠬᠠᠶ ᠳᠤ ᠨᠢ ᠭᠤᠶᠤᠴᠢᠯᠠᠬᠤ ᠬᠡᠷᠡᠭᠲᠡᠶ ᠃     ᠶᠢᠰᠦᠳᠦᠭᠡᠷ ᠵᠦᠶᠯ ᠰᠣᠩᠭᠤᠨ ᠤᠷᠢᠬᠤ ᠳᠡᠰ ᠳᠠᠷᠠᠭᠠᠯᠠᠯ᠄     ︵ᠨᠢᠭᠡ︶ ᠲᠥᠪᠯᠡᠷᠡᠭᠦᠯᠦᠨ ᠰᠣᠩᠭᠤᠨ ᠤᠷᠢᠬᠤ     ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠠᠴᠠ ᠲᠣᠰ ᠨᠢᠭᠡᠴᠢ ᠶᠢᠨ  ᠢᠶᠠᠨ ᠦᠨᠳᠦᠰᠦᠨ ᠨᠥᠬᠦᠴᠡᠯ ᠳᠤ ᠨᠡᠶᠢᠴᠡᠭᠰᠡᠨ ᠠᠵᠢᠯᠲᠠᠨ ᠢ ᠲᠠᠨᠢᠯᠴᠠᠭᠤᠯᠤᠨ᠎ᠠ︔ ᠠᠵᠢᠯᠯᠠᠬᠤ ᠨᠢᠭᠡᠴᠢ ᠦᠭᠡᠶ ᠪᠤᠶᠤ ᠠᠵᠢᠯ ᠠᠴᠠ ᠪᠠᠨ ᠠᠮᠠᠷᠠᠭᠰᠠᠳ ᠥᠪᠡᠷ ᠢ ᠪᠠᠨ ᠲᠠᠨᠢᠯᠴᠠᠭᠤᠯᠵᠤ ᠪᠣᠯᠤᠨ᠎ᠠ ᠃     1. ᠭᠤᠶᠤᠴᠢᠯᠠᠨ ᠮᠡᠳᠡᠭᠦᠯᠬᠦ᠃ ᠭᠤᠶᠤᠴᠢᠯᠠᠨ ᠮᠡᠳᠡᠭᠦᠯᠦᠭᠴᠢ ᠠᠴᠠ ︽ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠦᠯᠬᠦᠢ ᠦᠶᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠤ ᠭᠤᠶᠤᠴᠢᠯᠠᠯ ᠤᠨ ᠬᠦᠰᠦᠨᠦᠭᠲᠦ︾ ︵ᠳᠠᠭᠠᠯᠳᠤᠭᠤᠯᠤᠯ 1︶ ᠶᠢ ᠲᠠᠭᠯᠠᠵᠤ᠂ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠬᠦᠴᠦᠨ ᠲᠡᠭᠦᠯᠳᠡᠷ ᠴᠢᠨᠠᠷ ᠲᠤ ᠬᠠᠷᠢᠭᠤᠴᠠᠨ᠎ᠠ᠃ ᠠᠵᠢᠯᠯᠠᠬᠤ ᠨᠢᠭᠡᠴᠢ  ᠲᠠᠢ ᠭᠤᠶᠤᠴᠢᠯᠠᠨ ᠮᠡᠳᠡᠭᠦᠯᠦᠭᠴᠢ ᠡᠷᠬᠡᠪᠰᠢ ᠪᠠᠶᠢᠭ᠎ᠠ ᠨᠢᠭᠡᠴᠢ ᠨᠢ ᠰᠠᠨᠠᠯ ᠢᠶᠠᠨ ᠪᠢᠴᠢᠬᠦ ᠶᠢᠨ ᠬᠠᠮᠲᠤ ᠠᠯᠪᠠᠨ ᠲᠠᠮᠠᠭ᠎ᠠ ᠳᠠᠷᠤᠬᠤ ᠬᠡᠷᠡᠭᠲᠡᠶ᠃ ᠬᠡᠷᠪᠡ ᠮᠡᠳᠡᠭᠦᠯᠦᠭᠴᠢ ᠶᠢᠨ ᠲᠤᠰᠬᠠᠶ ᠮᠡᠷᠭᠡᠵᠢᠯ ᠨᠢ ᠲᠤᠬᠠᠶᠢᠯᠠᠭᠰᠠᠨ ᠠᠵᠢᠯ ᠤᠨ ᠴᠢᠭᠯᠡᠯ ᠳᠤ ᠪᠦᠷᠢᠮᠦᠰᠦᠨ ᠨᠡᠶᠢᠴᠡᠬᠦ ᠥᠬᠡᠶ ᠪᠠᠶᠢᠪᠠᠯ᠂ ︽ᠠᠳᠠᠯᠢᠪᠲᠤᠷ ᠣᠶᠢᠷᠠᠯᠴᠠᠭ᠎ᠠ︾ ᠪᠠᠶᠢᠬᠤ ᠵᠠᠷᠴᠢᠮ ᠶᠣᠰᠣᠭᠠᠷ᠂ ᠠᠳᠠᠯᠢᠪᠲᠤᠷ ᠲᠤᠬᠠᠶᠢᠯᠠᠭᠰᠠᠨ ᠠᠵᠢᠯ ᠤᠨ ᠴᠢᠭᠯᠡᠯ ᠢ ᠰᠣᠩᠭᠤᠨ ᠮᠡᠳᠡᠭᠦᠯᠵᠦ ᠪᠣᠯᠤᠨ᠎ᠠ᠃      2. ᠠᠩᠬᠠᠨ ᠤ ᠬᠢᠨᠠᠯᠲᠠ᠃ ᠲᠢᠩᠬᠢᠮ ᠤᠨ ᠠᠶᠦᠯᠬᠦᠢ ᠦᠶᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠭᠤᠶᠤᠴᠢᠯᠠᠭᠰᠠᠨ ᠲᠤᠰᠬᠠᠶ ᠮᠡᠷᠭᠡᠵᠢᠯᠲᠡᠨ ᠤ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠨᠡᠶᠢᠴᠡᠬᠦ ᠴᠢᠨᠠᠷ ᠲᠤ ᠠᠩᠬᠠᠨ ᠤ ᠬᠢᠨᠠᠯᠲᠠ ᠬᠢᠵᠦ᠂ ︽ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠦᠯᠬᠦᠢ ᠦᠶᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠤ ᠪᠠᠲᠤᠯᠠᠨ ᠲᠠᠨᠢᠯᠴᠠᠭᠤᠯᠤᠭᠰᠠᠨ ᠬᠤᠷᠢᠶᠠᠩᠭᠤᠶ ᠬᠦᠰᠦᠨᠦᠭᠲᠦ ︵ᠠᠩᠬᠠᠨ ᠤ ᠬᠢᠨᠠᠯᠲᠠ︶︾        ︵ᠳᠠᠭᠠᠯᠳᠤᠭᠤᠯᠤᠯ 2︶ ᠶᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ ᠲᠤ ᠲᠤᠰᠢᠶᠠᠵᠤ ᠬᠢᠨᠠᠨ ᠬᠠᠷᠭᠤᠭᠤᠯᠤᠨ᠎ᠠ᠃     3. ᠲᠡᠬᠢᠠ ᠬᠢᠨᠠᠯᠲᠠ᠃ ᠬᠠᠮᠢᠶ᠎ᠠ ᠪᠦᠬᠦᠢ ᠭᠠᠵᠠᠷ ᠲᠠᠰᠤᠭ ᠨᠢ ᠪᠠᠲᠤᠯᠠᠨ ᠲᠠᠨᠢᠯᠴᠠᠭᠤᠯᠤᠭᠰᠠᠨ ᠲᠤᠰᠬᠠᠶ ᠮᠡᠷᠭᠡᠵᠢᠯᠲᠡᠨ ᠤ ᠬᠢᠷᠢ ᠬᠡᠮ ᠢ ᠳᠠᠬᠢᠨ ᠬᠢᠨᠠᠵᠤ᠂ ᠲᠤᠰᠬᠠᠶ ᠮᠡᠷᠭᠡᠵᠢᠯᠲᠡᠨ ᠤ ᠨᠠᠰᠤ ᠵᠢᠯ᠂ ᠮᠡᠷᠭᠡᠵᠢᠯ ᠤᠨ ᠴᠣᠯᠠ᠂ ᠠᠵᠢᠯᠯᠠᠭᠰᠠᠨ ᠣᠨ ᠵᠢᠯ᠂ ᠠᠵᠢᠯ ᠤᠨ ᠬᠢᠷᠢ ᠬᠡᠮ ᠵᠡᠷᠭᠡ ᠨᠢ ᠭᠤᠶᠤᠴᠢᠯᠠᠬᠤ ᠨᠥᠬᠦᠴᠡᠯ ᠳᠤ ᠨᠡᠶᠢᠴᠡᠬᠦ ᠡᠰᠡᠬᠦ ᠵᠡᠷᠭᠡ  ᠶᠢ ᠭᠤᠣᠯᠳᠠᠯᠭ᠎ᠠ ᠲᠠᠢ ᠬᠠᠷᠭᠤᠭᠤᠯᠵᠤ᠂ ᠲᠤᠰᠬᠠᠶ ᠮᠡᠷᠭᠡᠵᠢᠯᠲᠡᠨ ᠤ ᠬᠦᠷᠢᠶ᠎ᠡ ᠴᠠᠷᠠᠭ᠎ᠠ᠂ ᠲᠤᠰᠬᠠᠶ ᠮᠡᠷᠭᠡᠵᠢᠯ ᠤᠨ ᠲᠥᠷᠥᠯ ᠢᠯᠭᠠᠯ ᠢ ᠣᠨᠣᠪᠴᠢᠲᠠᠶ ᠬᠤᠪᠢᠶᠠᠭᠰᠠᠨ ᠡᠰᠡᠬᠦ ᠶᠢ ᠲᠣᠭᠲᠠᠭᠠᠵᠤ᠂ ︽ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠤᠯᠬᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠢ ᠪᠠᠲᠤᠯᠠᠨ ᠲᠠᠨᠢᠯᠴᠠᠭᠤᠯᠤᠭᠰᠠᠨ ᠬᠤᠷᠢᠶᠠᠩᠭᠤᠶ ᠬᠦᠰᠦᠨᠦᠭᠲᠦ ︵ᠳᠠᠬᠢᠨ ᠬᠢᠨᠠᠬᠤ︶︾ ︵ᠳᠠᠭᠠᠯᠳᠤᠭᠤᠯᠤᠯ 3︶ ᠶᠢ  ᠪᠦᠷᠢᠯᠳᠦᠭᠦᠯᠵᠦ ᠲᠢᠩᠬᠢᠮ ᠤᠨ ᠠᠶᠤᠯᠬᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠦᠨ᠎ᠡ᠃     ᠵᠠᠮ ᠲᠡᠭᠡᠭᠡᠪᠦᠷᠢ ᠶᠢᠨ ᠬᠦᠷᠢᠶ᠎ᠡ᠄ ᠵᠠᠮ ᠤᠨ ᠠᠶᠠᠨᠴᠢᠳ ᠤᠨ ᠵᠥᠭᠡᠭᠡᠪᠦᠷᠢ᠂ ᠠᠶᠤᠯ ᠲᠠᠢ ᠡᠳ᠋ ᠪᠠᠷᠠᠭ᠎ᠠ ᠶᠢᠨ ᠲᠡᠭᠡᠭᠡᠪᠦᠷᠢ᠂ ᠵᠠᠮ ᠤᠨ ᠡᠳ᠋ ᠪᠠᠷᠠᠭ᠎ᠠ ᠶᠢᠨ ᠲᠡᠭᠡᠭᠡᠪᠦᠷᠢ᠂ ᠠᠶᠠᠨᠴᠢᠳ ᠤᠨ  ᠵᠥᠭᠡᠭᠡᠪᠦᠷᠢ ᠶᠢᠨ ᠮᠠᠰᠢᠨ ᠲᠡᠷᠭᠡᠨ ᠤ ᠥᠷᠲᠡᠭᠡ᠂ ᠮᠠᠰᠢᠨ ᠲᠡᠷᠭᠡ ᠶᠢ ᠪᠠᠶᠢᠴᠠᠭᠠᠨ ᠬᠡᠮᠵᠢᠬᠦ ᠪᠠ ᠰᠡᠯᠪᠢᠨ ᠵᠠᠰᠠᠬᠤ ᠵᠡᠷᠭᠡ ᠶᠢ ᠥᠪᠡᠷᠲᠡᠭᠡᠨ ᠵᠠᠰᠠᠬᠤ ᠣᠷᠣᠨ  ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠡᠭᠡᠭᠡᠪᠦᠷᠢ ᠶᠢᠨ ᠦᠶᠯᠡᠴᠢᠯᠡᠭᠡᠨ ᠤ ᠭᠠᠵᠠᠷ ᠠᠴᠠ ᠳᠠᠬᠢᠨ ᠬᠢᠨᠠᠬᠤ ᠶᠢ ᠬᠠᠷᠢᠭᠤᠴᠠᠨ᠎ᠠ᠃      ᠬᠤᠲᠠ ᠶᠢᠨ ᠠᠶᠠᠨᠴᠢᠳ ᠤᠨ ᠵᠥᠭᠡᠭᠡᠪᠦᠷᠢ ᠶᠢᠨ ᠬᠦᠷᠢᠶ᠎ᠡ᠄ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠲᠡᠮᠦᠷ ᠵᠠᠮᠲᠤ ᠵᠠᠮ ᠬᠠᠷᠢᠯᠴᠠᠭ᠎ᠠ᠂ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠡᠭᠡᠭᠡᠪᠦᠷᠢ ᠶᠢᠨ ᠦᠶᠯᠡᠴᠢᠯᠡᠭᠡᠨ ᠤ ᠭᠠᠵᠠᠷ ᠠᠴᠠ ᠳᠠᠬᠢᠨ ᠬᠢᠨᠠᠬᠤ ᠶᠢ ᠬᠠᠷᠢᠭᠤᠴᠠᠨ᠎ᠠ᠃     ᠤᠰᠤᠨ ᠳᠡᠭᠡᠷᠡᠬᠢ ᠵᠠᠮ ᠬᠠᠷᠢᠯᠴᠠᠭᠠᠨ ᠤ ᠬᠦᠷᠢᠶ᠎ᠡ᠄ ᠤᠰᠤᠨ ᠵᠠᠮ ᠤᠨ ᠲᠡᠭᠡᠭᠡᠪᠦᠷᠢ᠂ ᠳᠠᠯᠠᠶ ᠶᠢᠨ ᠶᠠᠪᠤᠳᠠᠯ ᠤᠨ ᠬᠠᠮᠢᠶᠠᠷᠤᠯᠲᠠ᠂ ᠣᠩᠭᠤᠴᠠ ᠰᠠᠯ ᠢ ᠰᠢᠯᠭᠠᠨ ᠪᠠᠶᠢᠴᠠᠭᠠᠬᠤ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠭᠠᠵᠠᠷ  ︵ᠣᠷᠣᠨ ᠨᠤᠲᠤᠭ ᠤᠨ ᠳᠠᠯᠠᠶ ᠶᠢᠨ ᠶᠠᠪᠤᠳᠠᠯ ᠤᠨ ᠲᠣᠪᠴᠢᠶ᠎ᠠ ︶ ᠠᠴᠠ ᠳᠠᠬᠢᠨ ᠬᠢᠨᠠᠬᠤ ᠶᠢ ᠬᠠᠷᠢᠭᠤᠴᠠᠨ᠎ᠠ᠃     ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ᠄ ᠵᠠᠰᠠᠮᠠᠯ ᠵᠠᠮ ᠤᠨ ᠪᠠᠷᠢᠯᠭ᠎ᠠ᠂ ᠤᠰᠤᠨ ᠲᠡᠭᠡᠭᠡᠪᠦᠷᠢ  ᠶᠢᠨ ᠪᠠᠷᠢᠯᠭ᠎ᠠ᠂ ᠠᠷᠠᠴᠢᠯᠠᠨ ᠬᠠᠮᠠᠭᠠᠯᠠᠬᠤ ᠪᠠᠷᠢᠯᠭ᠎ᠠ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠷᠢᠯᠭ᠎ᠠ᠂ ᠮᠠᠰᠢᠨ ᠴᠠᠬᠢᠯᠭᠠᠨ ᠤ ᠪᠠᠷᠢᠯᠭ᠎ᠠ᠂ ᠭᠡᠷ ᠪᠠᠶᠢᠰᠢᠩ ᠪᠠᠶᠢᠭᠤᠯᠬᠤ ᠪᠠᠷᠢᠯᠭ᠎ᠠ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠠᠴᠠ ᠳᠠᠬᠢᠨ ᠬᠢᠨᠠᠬᠤ ᠶᠢ ᠬᠠᠷᠢᠭᠤᠴᠠᠨ᠎ᠠ᠃     ᠵᠠᠰᠠᠮᠠᠯ ᠵᠠᠮ ᠤᠨ ᠡᠵᠡᠩᠨᠡᠯᠲᠡ ᠶᠢᠨ ᠬᠦᠷᠢᠶ᠎ᠡ᠄ ᠬᠥᠭᠦᠷᠭᠡ᠂ ᠨᠦᠬᠡᠨ ᠵᠠᠮ᠂ ᠭᠠᠵᠠᠷ ᠰᠢᠨᠵᠢᠯᠡᠭᠡ᠂ ᠵᠠᠮ ᠤᠨ ᠰᠠᠭᠤᠷᠢ ᠵᠠᠮ ᠭᠠᠳᠠᠷᠭᠤ᠂ ᠪᠡᠯᠡᠳᠬᠡᠮᠵᠢ ᠲᠥᠬᠦᠭᠡᠷᠦᠮᠵᠢ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠮᠠᠯ ᠵᠠᠮ ᠤᠨ ᠭᠠᠵᠠᠷ ᠠᠴᠠ ᠳᠠᠬᠢᠨ ᠬᠢᠨᠠᠬᠤ ᠶᠢ ᠬᠠᠷᠢᠭᠤᠴᠠᠨ᠎ᠠ᠃     ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ ᠬᠦᠷᠢᠶ᠎ᠡ᠄ ᠨᠢᠰᠬᠡᠯ ᠤᠨ ᠪᠠᠭᠤᠳᠠᠯ ᠤᠨ ᠵᠠᠮ᠂ ᠠᠭᠠᠷ  ᠤᠨ ᠬᠠᠮᠢᠶᠠᠷᠤᠯᠲᠠ᠂ ᠨᠢᠰᠬᠡᠯ ᠤᠨ ᠪᠠᠭᠤᠳᠠᠯ ᠤᠨ ᠴᠠᠬᠢᠯᠭᠠᠨ ᠬᠠᠩᠭᠠᠬᠤ ᠢᠨᠵᠧᠨᠧᠷᠢᠩ᠂ ᠭᠠᠵᠠᠷ ᠰᠢᠨᠵᠢᠯᠡᠭᠡᠨ ᠤ ᠵᠠᠮ ᠤᠨ ᠰᠠᠭᠤᠷᠢ᠂ ᠬᠥᠭᠦᠷᠭᠡ ᠨᠦᠬᠡᠨ ᠵᠠᠮ᠂ ᠴᠠᠬᠢᠯᠭᠠᠨᠵᠢᠭᠤᠯᠬᠤ᠂ ᠴᠢᠮᠡᠭᠡ ᠬᠤᠯᠪᠣᠭᠠᠨ ᠤ ᠳᠣᠬᠢᠶ᠎ᠠ ᠵᠡᠷᠭᠡ ᠲᠤᠰᠬᠠᠶ ᠮᠡᠷᠭᠡᠵᠢᠯ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ ᠭᠠᠵᠠᠷ ᠠᠴᠠ ᠳᠠᠬᠢᠨ ᠬᠢᠨᠠᠬᠤ ᠶᠢ ᠬᠠᠷᠢᠭᠤᠴᠠᠨ᠎ᠠ᠃      ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠦᠷᠢᠶ᠎ᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ᠂ ᠠᠶᠦᠯᠬᠦᠢ ᠦᠶᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠡᠷᠭᠡ ᠲᠤᠰᠬᠠᠶ ᠮᠡᠷᠭᠡᠵᠢᠯ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠲᠢᠩᠬᠢᠮ ᠤᠨ ᠠᠶᠦᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ ᠠᠴᠠ ᠳᠠᠬᠢᠨ ᠬᠢᠨᠠᠬᠤ ᠶᠢ ᠬᠠᠷᠢᠭᠤᠴᠠᠨ᠎ᠠ᠃     4. ᠬᠢᠨᠠᠨ ᠲᠣᠭᠲᠠᠭᠠᠬᠤ᠃ ᠲᠢᠩᠬᠢᠮ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠲᠤᠰᠬᠠᠶ ᠮᠡᠷᠭᠡᠵᠢᠯᠲᠡᠨ ᠤ ᠨᠡᠷᠡᠰ ᠢ ᠰᠤᠳᠤᠯᠤᠨ ᠬᠢᠨᠠᠨ ᠲᠣᠭᠲᠠᠭᠠᠨ᠎ᠠ᠃     5.  ᠢᠯᠡ ᠨᠡᠶᠢᠲᠡᠯᠡᠬᠦ ᠃ ᠤᠷᠢᠬᠤ ᠪᠠᠷ ᠪᠠᠶᠢᠭ᠎ᠠ ᠲᠤᠰᠬᠠᠶ ᠮᠡᠷᠭᠡᠵᠢᠯᠲᠡᠨ ᠤ ᠨᠡᠷᠡᠰ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠫᠤᠷᠲ᠋ᠧᠯ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠨᠡᠶᠢᠲᠡ ᠳᠤ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠤᠨ᠎ᠠ᠃     6. ᠤᠷᠢᠨ ᠬᠡᠷᠡᠭᠯᠡᠬᠦ᠃ ᠢᠯᠡ ᠨᠡᠶᠢᠲᠡᠯᠡᠬᠦ ᠬᠤᠭᠤᠴᠠᠭ᠎ᠠ ᠨᠢ ᠳᠠᠭᠤᠰᠤᠭᠠᠳ ᠣᠨᠳᠣᠤ ᠰᠠᠨᠠᠯ ᠥᠬᠡᠶ ᠪᠣᠯ᠂ ᠤᠷᠢᠨ ᠬᠡᠷᠡᠭᠯᠡᠭᠰᠡᠨ ᠲᠤᠰᠬᠠᠶ ᠮᠡᠷᠭᠡᠵᠢᠯᠲᠡᠨ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠦᠯᠬᠦᠢ ᠦᠶᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠳᠤ ᠣᠷᠣᠭᠤᠯᠬᠤ ᠶᠢᠨ ᠬᠠᠮᠲᠤ᠂ ᠨᠡᠶᠢᠭᠡᠮ ᠳᠤ ᠲᠤᠰᠬᠠᠶ ᠮᠡᠷᠭᠡᠵᠢᠯᠲᠡᠨ ᠤ ᠨᠡᠷᠡᠰ ᠢ ᠢᠯᠡ ᠨᠡᠶᠢᠲᠡᠯᠡᠨ᠎ᠡ᠃      ︵ᠬᠤᠶᠠᠷ︶ ᠨᠥᠬᠦᠵᠦ ᠰᠣᠩᠭᠤᠨ ᠤᠷᠢᠬᠤ ᠃ ᠬᠠᠮᠢᠶ᠎ᠠ ᠪᠥᠬᠦᠶ ᠭᠠᠵᠠᠷ ᠲᠠᠰᠤᠭ ᠨᠢ ᠪᠣᠳᠠᠲᠠᠶ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠵᠢᠯ ᠪᠦᠷᠢ ᠶᠢᠨ ᠵᠢᠯ ᠤᠨ ᠰᠡᠭᠦᠯᠴᠢ ᠳᠤ ᠲᠤᠰᠬᠠᠶ ᠮᠡᠷᠭᠡᠵᠢᠯᠲᠡᠨ ᠤ ᠬᠡᠷᠡᠭᠴᠡᠭᠡ ᠱᠠᠭᠠᠷᠳᠠᠯᠭ᠎ᠠ ᠶᠢ ᠨᠡᠮᠡᠵᠦ ᠨᠥᠬᠦᠪᠥᠷᠢᠯᠡᠬᠦ ᠪᠠᠷ ᠳᠤᠷᠠᠳᠴᠤ᠂ ᠬᠠᠮᠢᠶ᠎ᠠ ᠪᠥᠬᠦᠶ ᠲᠠᠰ ᠳᠠᠷᠠᠭᠠᠯᠠᠯ ᠢ ᠭᠦᠶᠴᠡᠳᠬᠡᠭᠰᠡᠨ ᠤ ᠳᠠᠷᠠᠭ᠎ᠠ ᠲᠤᠰᠬᠠᠶ ᠮᠡᠷᠭᠡᠵᠢᠯᠲᠡᠨ ᠤ ᠬᠥᠮᠥᠷᠭᠡ ᠳᠤ ᠨᠥᠬᠦᠪᠥᠷᠢᠯᠡᠬᠦ ᠶᠢᠨ ᠬᠠᠮᠲᠤ᠂ ᠲᠢᠩᠬᠢᠮ ᠤᠨ ᠫᠤᠷᠲ᠋ᠧᠯ ᠰᠦᠯᠵᠢᠶᠡᠨ ᠳᠡᠭᠡᠷ᠎ᠡ ᠲᠥᠪᠯᠡᠷᠡᠭᠦᠯᠦᠨ ᠢᠯᠡ ᠨᠡᠶᠢᠲᠡᠯᠡᠨ᠎ᠡ ᠃     ᠠᠷᠪᠠᠳᠤᠭᠠᠷ ᠵᠦᠶᠯ   ᠲᠤᠰᠬᠠᠶ ᠮᠡᠷᠭᠡᠵᠢᠯᠲᠡᠨ ᠢ ᠤᠷᠢᠵᠤ ᠲᠣᠮᠢᠯᠠᠬᠤ ᠳᠦᠷᠢᠮ ᠢ ᠬᠡᠷᠡᠭᠵᠢᠭᠦᠯᠦᠨ᠎ᠡ᠂ ᠤᠷᠢᠵᠤ ᠲᠣᠮᠢᠯᠠᠬᠤ ᠬᠤᠭᠤᠴᠠᠭ᠎ᠠ ᠨᠢ 3 ᠵᠢᠯ ᠪᠣᠯᠤᠨ᠎ᠠ᠃ ᠤᠷᠢᠵᠤ ᠲᠣᠮᠢᠯᠠᠬᠤ ᠬᠤᠭᠤᠴᠠᠭ᠎ᠠ ᠳᠠᠭᠤᠰᠬᠤ ᠠᠴᠠ ᠡᠮᠦᠨ᠎ᠡ 3 ᠰᠠᠷ᠎ᠠ ᠳᠤ ᠂ ᠲᠤᠰᠬᠠᠶ ᠮᠡᠷᠭᠡᠵᠢᠯᠲᠡᠨ ᠤ ᠠᠵᠢᠯ ᠢ ᠦᠷᠭᠦᠯᠵᠢᠯᠡᠨ ᠬᠢᠬᠦ ᠳᠤᠷᠠᠲᠠᠶ ᠪᠣᠯ ᠰᠣᠩᠭᠤᠨ ᠤᠷᠢᠬᠤ ᠲᠠᠰ ᠳᠠᠷᠠᠭᠠᠯᠠᠯ ᠶᠣᠰᠣᠭᠠᠷ ᠦᠷᠭᠦᠯᠵᠢᠯᠡᠨ ᠤᠷᠢᠨ᠎ᠠ᠃     ᠭᠤᠷᠪᠠᠳᠤᠭᠠᠷ ᠪᠦᠯᠦᠭ  ᠲᠤᠰᠬᠠᠢ ᠮᠡᠷᠭᠡᠵᠢᠯᠲᠡᠨ ᠤ ᠡᠭᠦᠷᠭᠡ᠂ ᠡᠷᠬᠡ ᠪᠠ ᠠᠵᠢᠯ ᠤᠨ ᠰᠠᠬᠢᠯᠭ᠎ᠠ ᠳᠦᠷᠢᠮ     ᠠᠷᠪᠠᠨ ᠨᠢᠭᠡᠳᠦᠭᠡᠷ ᠵᠦᠶᠯ   ᠲᠤᠰᠬᠠᠶ ᠮᠡᠷᠭᠡᠵᠢᠯᠲᠡᠨ ᠲᠣᠮᠢᠯᠠᠭᠰᠠᠨ ᠨᠢᠭᠡᠴᠢ ᠶᠢᠨ ᠨᠠᠶᠢᠳᠠᠯᠭ᠎ᠠ ᠶᠢ ᠬᠦᠯᠢᠶᠡᠵᠦ᠂ ᠭᠤᠤᠯᠳᠠᠭᠤ ᠳᠣᠤᠷᠠᠬᠢ ᠮᠡᠲᠦ ᠠᠵᠢᠯ ᠤᠨ ᠡᠭᠦᠷᠭᠡ ᠶᠢ ᠡᠭᠦᠷᠭᠡᠯᠡᠨ᠎ᠡ᠄     ︵ᠨᠢᠭᠡ︶ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠬᠦᠢ ᠦᠶᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠬᠥᠭᠵᠢᠯᠲᠡ  ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠪᠠᠷᠢᠮᠵᠢᠶ᠎ᠠ ᠵᠢᠷᠤᠮᠵᠢᠯ ᠢ ᠰᠤᠳᠤᠯᠬᠤ᠂ ᠲᠣᠭᠲᠠᠭᠠᠬᠤ᠂ ᠨᠤᠲᠠᠯᠠᠬᠤ ᠪᠠ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠶᠢᠨ ᠤᠬᠠᠭᠤᠯᠭ᠎ᠠ᠂ ᠬᠥᠮᠦᠵᠢᠯ᠂ ᠪᠣᠯᠪᠠᠰᠤᠷᠠᠯ ᠳᠤ ᠣᠷᠣᠯᠴᠠᠨ᠎ᠠ︔     ︵ᠬᠤᠶᠠᠷ︶ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠣᠬᠢᠶᠠᠨ ᠪᠠᠶᠢᠭᠤᠯᠤᠭᠰᠠᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ᠂ ᠪᠠᠶᠢᠴᠠᠭᠠᠬᠤ᠂ ᠦᠨᠡᠯᠡᠨ ᠵᠢᠱᠢᠬᠦ᠂ ᠠᠰᠠᠭᠤᠨ ᠯᠠᠪᠯᠠᠬᠤ ᠵᠢᠯᠣᠭᠤᠳᠬᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ᠂ ᠬᠢᠨᠠᠨ ᠲᠣᠭᠲᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ᠂ ᠦᠨᠡᠯᠡᠨ ᠵᠢᠱᠢᠬᠦ ᠵᠡᠷᠭᠡ ᠮᠡᠷᠭᠡᠵᠢᠯ ᠤᠨ ᠴᠢᠨᠠᠷᠲᠠᠶ ᠳᠡᠮᠵᠢᠯᠭᠡ᠂ ᠠᠶᠤᠯᠬᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ᠂ ᠨᠤᠲᠠᠯᠠᠯᠲᠠ ᠬᠢᠬᠦ ᠳᠤ ᠣᠷᠣᠯᠴᠠᠨ᠎ᠠ︔     ︵ᠭᠤᠷᠪᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠠᠮᠢᠶ᠎ᠠ ᠪᠦᠬᠦᠢ ᠦᠢᠯᠡᠳᠪᠦᠷᠢᠯᠡᠯ ᠤᠨ ᠠᠶᠤᠯᠬᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠ ᠠᠳᠡᠯ ᠤᠨ ᠪᠠᠶᠢᠴᠠᠭᠠᠯᠲᠠ  ᠳᠤ ᠣᠷᠣᠯᠴᠠᠨ᠎ᠠ︔     ︵ᠳᠥᠷᠪᠡ︶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠬᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ᠂ ᠮᠡᠷᠭᠡᠵᠢᠯ ᠤᠨ ᠲᠥᠰᠦᠯ ᠵᠡᠷᠭᠡ ᠶᠢ ᠬᠢᠨᠠᠨ ᠪᠠᠶᠢᠴᠠᠭᠠᠬᠤ᠂ ᠨᠤᠲᠠᠯᠠᠬᠤ ᠳᠤ ᠣᠷᠣᠯᠴᠠᠨ᠎ᠠ︔     ︵ᠲᠠᠪᠤ︶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠤᠰᠤᠳ ᠠᠵᠢᠯ ᠤᠨ ᠡᠭᠦᠷᠭᠡ ᠳᠤ ᠣᠷᠣᠯᠴᠠᠨ᠎ᠠ᠃     ᠠᠷᠪᠠᠨ ᠬᠤᠶᠠᠳᠤᠭᠠᠷ ᠵᠦᠢᠯ    ᠲᠤᠰᠬᠠᠢ ᠮᠡᠷᠭᠡᠵᠢᠯᠲᠡᠨ ᠤ ᠡᠳ᠋ᠯᠡᠬᠦ ᠡᠷᠬᠡ᠄     ︵ᠨᠢᠭᠡ︶ ᠲᠣᠮᠢᠯᠠᠬᠤ ᠡᠭᠦᠷᠭᠡ ᠶᠢ ᠭᠦᠢᠴᠡᠳᠬᠡᠬᠦ ᠦᠶ᠎ᠡ ᠳᠤ᠂ ᠲᠤᠬᠠᠢ ᠶᠢᠨ ᠲᠠᠯᠠᠪᠤᠷ ᠲᠤ ᠬᠦᠷᠴᠦ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠤᠶᠤ ᠮᠡᠷᠭᠡᠵᠢᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠬᠤᠯᠪᠣᠭᠳᠠᠯ ᠪᠦᠬᠦᠢ ᠬᠤᠷᠠᠯ ᠳᠤ ᠣᠷᠣᠯᠴᠠᠬᠤ᠂ ᠬᠤᠯᠪᠣᠭᠳᠠᠯ ᠪᠦᠬᠦᠢ ᠨᠢᠭᠡᠴᠢ ᠪᠠ ᠬᠥᠮᠦᠨ ᠠᠴᠠ ᠪᠠᠶᠢᠳᠠᠯ ᠢ ᠣᠶᠢᠯᠠᠭᠠᠬᠤ ᠡᠷᠬᠡ ᠲᠠᠢ︔     ︵ᠬᠤᠶᠠᠷ︶ ᠲᠣᠮᠢᠯᠠᠬᠤ ᠡᠭᠦᠷᠭᠡ ᠶᠢ ᠭᠦᠢᠴᠡᠳᠬᠡᠬᠦ ᠳᠤᠮᠳᠠ ᠣᠯᠵᠤ ᠮᠡᠳᠡᠭᠰᠡᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠣᠯᠤᠨ ᠠᠳᠡᠯ ᠤᠨ ᠳᠠᠯᠳᠠ ᠭᠡᠮ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ ᠰᠢᠶᠳᠪᠦᠷᠢᠯᠡᠬᠦ ᠰᠠᠨᠠᠭᠤᠯᠭ᠎ᠠ ᠳᠤᠷᠠᠳᠬᠤ ᠡᠷᠬᠡ ᠲᠠᠢ︔     ︵ᠭᠤᠷᠪᠠ︶ ᠪᠤᠰᠤᠳ ᠬᠥᠮᠦᠨ ᠤ ᠭᠠᠷ ᠲᠦᠷᠦᠭᠦ ᠶᠢ ᠬᠦᠯᠢᠶᠡᠬᠦ ᠦᠭᠡᠢ ᠪᠥᠭᠡᠳ ᠪᠡᠶ᠎ᠡ ᠪᠠᠨ ᠳᠠᠭᠠᠭᠠᠵᠤ ᠲᠦᠷᠦ ᠶᠢᠨ ᠪᠤᠳᠤᠯᠭ᠎ᠠ ᠶᠢᠨ ᠵᠥᠪᠯᠡᠯᠭᠡ᠂ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠳ᠋ᠦᠩᠨᠡᠯᠲᠡ ᠪᠤᠶᠤ ᠰᠢᠯᠭᠠᠨ ᠲᠣᠭᠲᠠᠭᠠᠭᠰᠠᠨ ᠰᠠᠨᠠᠯ ᠭᠠᠷᠭᠠᠬᠤ ᠡᠷᠬᠡ ᠲᠠᠢ︔     ︵ᠲᠦᠷᠪᠡ︶ ᠲᠣᠭᠲᠠᠭᠠᠯ ᠶᠣᠰᠣᠭᠠᠷ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠬᠥᠳᠡᠯᠮᠦᠷᠢ ᠶᠢᠨ ᠬᠥᠯᠥᠰᠥ ᠣᠯᠭᠤᠮᠵᠢ ᠤᠯᠬᠤ ᠡᠷᠬᠡ︔     ︵ᠲᠠᠪᠤ︶ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠤᠯᠪᠣᠭᠳᠠᠯ ᠪᠦᠬᠦᠢ ᠮᠠᠲ᠋ᠧᠷᠢᠶᠠᠯ ᠢ ᠰᠦᠢᠳᠬᠡᠯ ᠬᠤᠷᠢᠶᠠᠬᠤ ᠦᠭᠡᠶ ᠪᠠᠷ ᠬᠠᠩᠭᠠᠵᠤ᠂ ᠲᠤᠬᠠᠶᠢᠯᠠᠭᠰᠠᠨ ᠠᠵᠢᠯ ᠤᠨ ᠬᠥᠮᠦᠵᠢᠯ ᠪᠣᠯᠪᠠᠰᠤᠷᠠᠯ ᠳᠤ ᠣᠷᠣᠯᠴᠠᠬᠤ ᠡᠷᠬᠡ ᠲᠠᠢ︔     ︵ᠵᠢᠷᠭᠤᠭ᠎ᠠ︶ ᠲᠣᠮᠢᠯᠠᠭᠰᠠᠨ ᠨᠢᠭᠡᠴᠢ ᠪᠤᠶᠤ ᠠᠵᠢᠯ ᠤᠨ ᠵᠦᠶᠯᠡᠰ ᠤᠨ ᠬᠠᠮᠢᠶ᠎ᠠ ᠪᠥᠬᠦᠶ ᠨᠢᠭᠡᠴᠢ ᠠᠴᠠ ᠴᠢᠬᠤᠯᠠ ᠪᠥᠬᠦᠶ ᠠᠵᠢᠯ ᠠᠮᠢᠳᠤᠷᠠᠯ ᠤᠨ ᠨᠥᠬᠦᠴᠡᠯ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠪᠠ ᠪᠤᠰᠤᠳ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠡᠷᠬᠡ ᠲᠠᠢ︔     ︵ᠲᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠷᠬᠡ ᠨᠦᠭᠦᠳ᠃     ᠠᠷᠪᠠᠨ ᠭᠤᠷᠪᠠᠳᠤᠭᠠᠷ ᠵᠦᠢᠯ   ᠲᠤᠰᠬᠠᠶ ᠮᠡᠷᠭᠡᠵᠢᠯᠲᠡᠨ ᠤ ᠠᠵᠢᠯ ᠤᠨ ᠰᠠᠬᠢᠯᠭ᠎ᠠ ᠳᠦᠷᠢᠮ᠄     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠠᠶᠤᠯᠬᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠶ ᠲᠤᠭᠤᠰᠢᠯᠠᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠬᠢᠯᠭ᠎ᠠ ᠪᠠᠲᠤ᠂ ᠡᠷᠬᠢᠯᠡᠭᠰᠡᠨ ᠠᠵᠢᠯ ᠤᠨ ᠶᠣᠰᠣ ᠮᠣᠷᠠᠯ ᠪᠣᠯᠤᠨ ᠠᠵᠢᠯ ᠲᠥᠷᠥᠯ ᠤᠨ ᠵᠢᠷᠤᠮᠵᠢᠯ ᠢ ᠵᠢᠷᠤᠮᠯᠠᠨ᠂ ᠵᠠᠷᠴᠢᠮ ᠢ ᠪᠠᠷᠢᠮᠲᠠᠯᠠᠵᠤ᠂ ᠠᠵᠢᠯ ᠢᠶᠠᠨ ᠪᠤᠰᠤᠳᠴᠢ᠂ ᠭᠤᠣᠯᠴᠢ ᠪᠠᠷ ᠦᠷᠨᠢᠭᠦᠯᠦᠨ᠎ᠡ︔     ︵ᠬᠤᠶᠠᠷ︶ ᠲᠢᠩᠬᠢᠮ ᠤᠨ ᠠᠶᠤᠯᠬᠦᠢ ᠦᠶᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠠᠮᠢᠶᠠᠷᠤᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠲᠤᠰ ᠠᠷᠭ᠎ᠠ ᠪᠣᠯᠤᠨ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠲᠣᠮᠢᠯᠠᠬᠤ ᠡᠭᠦᠷᠭᠡ ᠪᠠᠨ ᠴᠠᠭ ᠬᠤᠭᠤᠴᠠᠭ᠎ᠠ ᠶᠣᠰᠣ ᠪᠠᠷ ᠥᠷᠨᠢᠭᠦᠯᠬᠦ ᠶᠢᠨ ᠬᠠᠮᠲᠤ ᠴᠢᠨᠠᠷ ᠰᠠᠶᠢᠲᠠᠢ ᠪᠡᠶᠡᠯᠡᠭᠦᠯᠦᠨ᠎ᠡ︔ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠬᠠᠩᠭᠠᠨ᠎ᠠ︔     ︵ᠭᠤᠷᠪᠠ︶ ᠠᠳᠡᠯ ᠪᠤᠶᠤ ᠭᠡᠨᠡᠳᠲᠡ ᠶᠢᠨ ᠬᠡᠷᠡᠭ ᠵᠡᠷᠭᠡ ᠪᠠᠴᠢᠮ ᠪᠠᠶᠢᠳᠠᠯ ᠲᠣᠬᠢᠶᠠᠯᠳᠤᠪᠠᠯ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠣᠮᠢᠯᠠᠯᠲᠠ ᠶᠢ ᠬᠦᠯᠢᠶᠡᠵᠦ᠂ ᠠᠳᠡᠯ ᠪᠤᠶᠤ ᠭᠡᠨᠡᠳᠲᠡ ᠶᠢᠨ ᠬᠡᠷᠡᠭ ᠤᠨ ᠲᠤᠬᠠᠶ ᠶᠢᠨ ᠭᠠᠵᠠᠷ ᠲᠤ ᠴᠠᠭ ᠲᠤᠬᠠᠶ ᠳᠤ ᠨᠢ ᠬᠦᠷᠴᠦ ᠮᠡᠷᠭᠡᠵᠢᠯ ᠤᠨ ᠦᠶᠯᠡᠴᠢᠯᠡᠭᠡ ᠬᠠᠩᠭᠠᠵᠤ᠂ ᠣᠨᠴᠣᠭᠤᠶ ᠰᠢᠯᠲᠠᠭᠠᠨ ᠥᠬᠡᠶ ᠪᠣᠯ ᠪᠠᠴᠢᠮ ᠰᠢᠯᠵᠢᠭᠦᠯᠦᠨ ᠲᠣᠮᠢᠯᠠᠬᠤ ᠶᠢ ᠲᠡᠪᠴᠢᠵᠦ ᠪᠣᠯᠬᠤ ᠥᠬᠡᠶ︔     ︵ᠳᠥᠷᠪᠡ︶ ᠡᠳᠦᠷ ᠲᠤᠲᠤᠮ ᠤᠨ ᠠᠵᠢᠯ ᠪᠣᠯᠤᠨ ᠡᠭᠦᠷᠭᠡ ᠭᠦᠢᠴᠡᠳᠬᠡᠬᠦ ᠶᠠᠪᠤᠴᠠ ᠳᠤ ᠣᠯᠵᠤ ᠮᠡᠳᠡᠭᠰᠡᠨ ᠴᠢᠬᠤᠯᠠ ᠶᠡᠭᠡ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ ᠴᠠᠭ ᠲᠤᠬᠠᠶ ᠳᠤ ᠨᠢ ᠮᠡᠳᠡᠭᠦᠯᠦᠨ᠎ᠡ︔     ︵ᠲᠠᠪᠤ ︶ ᠨᠢᠭᠤᠴᠠ ᠶᠢ ᠬᠠᠮᠠᠭᠠᠯᠠᠬᠤ ᠳᠦᠷᠢᠮ ᠢ ᠴᠢᠩᠭ᠎ᠠ ᠵᠢᠷᠤᠮᠯᠠᠵᠤ᠂ ᠳᠠᠭᠠᠭᠠᠯᠭᠠᠭᠰᠠᠨ ᠡᠭᠦᠷᠭᠡ ᠶᠢᠨ ᠬᠠᠮᠢᠶ᠎ᠠ ᠪᠦᠬᠦᠢ ᠲᠠᠯ᠎ᠠ ᠶᠢᠨ ᠬᠤᠪᠢ ᠶᠢᠨ ᠨᠢᠭᠤᠴᠠ ᠵᠢᠴᠢ ᠬᠤᠳᠠᠯᠳᠤᠭ᠎ᠠ ᠪᠠ ᠮᠡᠷᠭᠡᠵᠢᠯ ᠤᠨ ᠨᠢᠭᠤᠴᠠ ᠶᠢ ᠬᠠᠮᠠᠭᠠᠯᠠᠨ᠎ᠠ︔    ︵ᠵᠢᠷᠭᠤᠭ᠎ᠠ︶ ᠲᠤᠰᠬᠠᠶ ᠮᠡᠷᠭᠡᠵᠢᠯᠲᠡᠨ ᠤ ᠵᠠᠶᠢᠯᠠᠬᠤ ᠲᠦᠷᠢᠮ ᠢ ᠴᠢᠩᠭ᠎ᠠ ᠵᠢᠷᠤᠮᠯᠠᠵᠤ᠂ ᠳᠣᠤᠷᠠᠬᠢ ᠪᠠᠶᠢᠳᠠᠯ  ᠤᠨ ᠨᠢᠭᠡ ᠨᠢ ᠪᠠᠶᠢᠪᠠᠯ᠂ ᠵᠠᠶᠢᠯᠠᠬᠤ ᠬᠡᠷᠡᠭᠲᠡᠶ᠄ ᠲᠤᠰᠬᠠᠶ ᠮᠡᠷᠭᠡᠵᠢᠯᠲᠡᠨ ᠨᠢ 3 ᠵᠢᠯ ᠤᠨ ᠳᠣᠲᠣᠷ᠎ᠠ ᠠᠵᠢᠯ ᠤᠨ ᠵᠦᠶᠯᠡᠰ ᠤᠨ ᠬᠠᠮᠢᠶ᠎ᠠ ᠪᠥᠬᠦᠶ ᠨᠢᠭᠡᠴᠢ ᠯᠦᠭᠡ ᠲᠤᠰᠢᠶᠠᠯ ᠬᠠᠷᠢᠭᠤᠴᠠᠬᠤ ᠪᠤᠶᠤ ᠤᠷᠢᠨ ᠲᠣᠮᠢᠯᠠᠬᠤ ᠬᠠᠷᠢᠴᠠᠭ᠎ᠠ ᠲᠠᠢ ᠪᠠᠶᠢᠬᠤ︔ ᠲᠤᠰᠬᠠᠶ ᠮᠡᠷᠭᠡᠵᠢᠯᠲᠡᠨ ᠵᠢᠴᠢ ᠲᠡᠭᠦᠨ ᠤ ᠣᠶᠢᠷ᠎ᠠ ᠲᠥᠷᠥᠯ ᠰᠠᠳᠤᠨ ᠪᠤᠶᠤ ᠲᠤᠰᠬᠠᠶ ᠮᠡᠷᠭᠡᠵᠢᠯᠲᠡᠨ ᠤ ᠪᠠᠶᠢᠭ᠎ᠠ ᠨᠢᠭᠡᠴᠢ ᠨᠢ ᠠᠵᠢᠯ ᠤᠨ ᠵᠦᠶᠯᠡᠰ ᠯᠦᠭᠡ ᠠᠰᠢᠭ ᠬᠤᠤᠷ ᠤᠨ ᠬᠠᠷᠢᠴᠠᠭ᠎ᠠ ᠲᠠᠢ ᠪᠠᠶᠢᠬᠤ︔ ᠲᠤᠰᠬᠠᠶ ᠮᠡᠷᠭᠡᠵᠢᠯᠲᠡᠨ ᠪᠣᠯᠤᠨ ᠠᠵᠢᠯ ᠤᠨ ᠵᠦᠶᠯᠡᠰ ᠤᠨ ᠭᠤᠤᠯ ᠬᠠᠷᠢᠴᠠᠭ᠎ᠠ ᠶᠢᠨ ᠬᠥᠮᠦᠨ ᠲᠠᠢ ᠲᠥᠷᠥᠯ ᠰᠠᠳᠤᠨ ᠤ ᠬᠠᠷᠢᠴᠠᠭ᠎ᠠ ᠲᠠᠢ︔ ᠲᠤᠬᠠᠢ ᠶᠢᠨ ᠬᠥᠮᠦᠨ ᠨᠢ ᠲᠤᠰᠬᠠᠢ ᠮᠡᠷᠭᠡᠵᠢᠯᠲᠡᠨ ᠤ ᠠᠵᠢᠯ ᠤᠨ ᠵᠦᠢᠯᠡᠰ ᠲᠠᠢ ᠪᠤᠰᠤᠳ ᠬᠠᠷᠢᠴᠠᠭ᠎ᠠ ᠲᠠᠢ ᠪᠠᠶᠢᠵᠤ᠂ ᠭᠤᠣᠯᠴᠢ ᠳ᠋ᠦᠩᠨᠡᠯᠲᠡ ᠶᠢ ᠨᠥᠯᠥᠭᠡᠯᠡᠵᠦ ᠮᠡᠳᠡᠬᠦ︔ ᠪᠤᠰᠤᠳ ᠵᠠᠶᠢᠯᠠᠬᠤ ᠴᠢᠬᠤᠯᠠᠲᠠᠶ ᠵᠦᠶᠯᠡᠰ︔     ︵ᠳᠣᠯᠤᠭ᠎ᠠ︶ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠥᠪᠰᠢᠶᠡᠷᠡᠯ ᠦᠭᠡᠶ ᠪᠣᠯ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠤᠯᠬᠦᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ  ᠤ ᠨᠡᠷ᠎ᠡ ᠪᠠᠷ ᠶᠠᠮᠠᠷᠪᠠ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠤᠶᠤ ᠣᠷᠣᠯᠴᠠᠵᠤ ᠪᠣᠯᠬᠤ ᠦᠭᠡᠶ᠃     ᠳᠥᠷᠪᠡᠳᠦᠭᠡᠷ ᠪᠦᠯᠦᠭ ᠲᠣᠮᠢᠯᠠᠬᠤ ᠪᠠ ᠬᠡᠷᠡᠭᠯᠡᠬᠦ     ᠠᠷᠪᠠᠨ ᠳᠥᠷᠪᠡᠳᠦᠭᠡᠷ ᠵᠦᠶᠯ   ᠲᠤᠰᠬᠠᠶ ᠮᠡᠷᠭᠡᠵᠢᠯᠲᠡᠨ ᠢ ᠲᠣᠮᠢᠯᠠᠨ ᠬᠡᠷᠡᠭᠯᠡᠬᠦ ᠳᠤ᠂ ᠬᠡᠷᠡᠭᠴᠡᠭᠡ ᠪᠠᠷ ᠨᠢ ᠭᠤᠶᠤᠴᠢᠯᠠᠬᠤ᠂ ᠲᠠᠰᠢᠷᠠᠮ ᠳᠠᠭᠠᠤ ᠰᠤᠭᠤᠴᠢᠨ ᠠᠪᠬᠤ᠂ ᠬᠠᠮᠢᠶᠠᠷᠬᠤ ᠪᠠ ᠬᠡᠷᠡᠭᠯᠡᠬᠦ ᠶᠢ ᠰᠠᠯᠭᠠᠬᠤ᠂ ᠠᠰᠢᠭ ᠲᠤᠰᠠ  ᠶᠢ ᠵᠠᠶᠢᠯᠠᠭᠤᠯᠬᠤ᠂ ᠴᠢᠩᠭ᠎ᠠ ᠬᠢᠨᠠᠨ ᠵᠥᠪᠰᠢᠶᠡᠷᠡᠬᠦ ᠵᠠᠷᠴᠢᠮ ᠢ ᠵᠢᠷᠤᠮᠯᠠᠵᠤ᠂ ᠲᠤᠰᠬᠠᠶ ᠮᠡᠷᠭᠡᠵᠢᠯᠲᠡᠨ ᠤ ᠬᠥᠮᠥᠷᠭᠡ  ᠠᠴᠠ ᠲᠤᠰᠬᠠᠶ ᠮᠡᠷᠭᠡᠵᠢᠯᠲᠡᠨ ᠢ ᠰᠤᠭᠤᠴᠢᠨ ᠠᠪᠤᠨ᠎ᠠ᠃     ᠠᠷᠪᠠᠨ ᠲᠠᠪᠤᠳᠤᠭᠠᠷ ᠵᠦᠢᠯ   ᠲᠤᠰᠬᠠᠢ ᠮᠡᠷᠭᠡᠵᠢᠯᠲᠡᠨ ᠢ ᠲᠣᠮᠢᠯᠠᠬᠤ ᠵᠢᠷᠤᠮ᠄     ︵ᠨᠢᠭᠡ︶ ᠲᠢᠩᠬᠢᠮ ᠤᠨ ᠠᠶᠤᠯᠬᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠪᠤᠶᠤ ᠬᠠᠮᠢᠶ᠎ᠠ ᠪᠦᠬᠦᠢ ᠭᠠᠵᠠᠷ ᠲᠠᠰᠤᠭ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ︽ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠬᠠᠶ ᠮᠡᠷᠭᠡᠵᠢᠯᠲᠡᠨ ᠤᠷᠢᠬᠤ ᠶᠢ ᠬᠢᠨᠠᠨ ᠵᠥᠪᠰᠢᠶᠡᠷᠡᠬᠦ ᠬᠦᠰᠦᠨᠦᠭᠲᠦ︾ ︵ᠳᠠᠭᠠᠯᠳᠤᠭᠤᠯᠤᠯ 4︶ ᠶᠢ ᠲᠠᠭᠯᠠᠵᠤ᠂ 3 - 5 ᠡᠳᠦᠷ ᠤᠨ ᠡᠮᠦᠨ᠎ᠡ ᠲᠤᠰᠬᠠᠶ ᠮᠡᠷᠭᠡᠵᠢᠯᠲᠡᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠴᠤ᠂ ᠬᠠᠮᠢᠶ᠎ᠠ ᠪᠦᠬᠦᠢ ᠭᠠᠵᠠᠷ ᠲᠠᠰᠤᠭ ᠤᠨ ᠬᠤᠪᠢᠳᠠᠨ ᠬᠠᠮᠢᠶᠠᠷᠬᠤ ᠲᠢᠩᠬᠢᠮ ᠤᠨ ᠤᠳᠤᠷᠢᠳᠤᠯᠭ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠶᠢᠨ ᠬᠠᠮᠲᠤ ᠲᠢᠩᠬᠢᠮ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠤ ᠮᠡᠳᠡᠭᠦᠯᠦᠨ ᠳᠠᠩᠰᠠᠯᠠᠭᠤᠯᠤᠨ᠎ᠠ᠃ ᠠᠳᠠᠯ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠨ ᠲᠤᠰᠠᠯᠠᠬᠤ ᠵᠡᠷᠭᠡ ᠭᠡᠨᠡᠳᠲᠡ ᠶᠢᠨ ᠪᠠᠶᠢᠳᠠᠯ ᠳᠤ ᠲᠤᠰᠬᠠᠶ ᠮᠡᠷᠭᠡᠵᠢᠯᠲᠡᠨ ᠢ ᠬᠡᠷᠡᠭᠯᠡᠬᠦ ᠴᠢᠬᠤᠯᠠ ᠲᠠᠢ ᠪᠣᠯ᠂ ᠬᠡᠷᠡᠭᠯᠡᠬᠦ ᠭᠠᠵᠠᠷ ᠲᠠᠰᠤᠭ ᠠᠴᠠ ᠠᠮᠠ ᠪᠠᠷ ᠪᠤᠶᠤ ᠤᠲᠠᠰᠤ ᠶᠢᠨ ᠬᠡᠯᠪᠡᠷᠢ ᠪᠠᠷ ᠬᠤᠪᠢᠳᠠᠨ ᠬᠠᠮᠢᠶᠠᠷᠬᠤ ᠲᠢᠩᠬᠢᠮ ᠤᠨ ᠤᠳᠤᠷᠢᠳᠤᠯᠭ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠰᠢᠭᠤᠳ ᠲᠤᠰᠬᠠᠶ ᠮᠡᠷᠭᠡᠵᠢᠯᠲᠡᠨ ᠲᠣᠮᠢᠯᠠᠨ ᠤᠷᠢᠳ ᠢᠶᠠᠷ ᠡᠭᠦᠷᠭᠡ ᠭᠦᠢᠴᠡᠳᠬᠡᠯᠭᠡᠵᠦ᠂ ᠳᠠᠷᠠᠭ᠎ᠠ ᠨᠢ ᠲᠤᠰᠬᠠᠶ ᠮᠡᠷᠭᠡᠵᠢᠯᠲᠡᠨ ᠲᠣᠮᠢᠯᠠᠬᠤ ᠭᠠᠷᠳᠠᠮ ᠢ ᠨᠥᠬᠦᠵᠦ ᠭᠦᠢᠴᠡᠳᠬᠡᠵᠦ ᠪᠣᠯᠤᠨ᠎ᠠ︔     ︵ᠬᠤᠶᠠᠷ︶ ᠲᠤᠰᠬᠠᠶ ᠮᠡᠷᠭᠡᠵᠢᠯᠲᠡᠨ ᠲᠣᠮᠢᠯᠠᠬᠤ ᠳᠤ ᠵᠠᠷᠴᠢᠮ ᠳᠡᠭᠡᠷ᠎ᠡ ᠪᠠᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠢ ᠬᠡᠷᠡᠭᠯᠡᠵᠦ᠂ ᠣᠨᠴᠠᠭᠠᠢ ᠪᠠᠶᠢᠳᠠᠯ ᠳᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠭᠠᠳᠠᠨᠠᠬᠢ ᠲᠤᠰᠬᠠᠶ ᠮᠡᠷᠭᠡᠵᠢᠯᠲᠡᠨ ᠢ ᠲᠦᠷ ᠴᠠᠭ ᠬᠡᠷᠡᠭᠯᠡᠵᠦ ᠪᠣᠯᠤᠨ᠎ᠠ᠃ ᠲᠦᠷ ᠴᠠᠭ ᠬᠡᠷᠡᠭᠯᠡᠬᠦ ᠲᠤᠰᠬᠠᠶ ᠮᠡᠷᠭᠡᠵᠢᠯᠲᠡᠨ ᠢ ᠲᠣᠰ ᠠᠷᠭ᠎ᠠ ᠶᠢᠨ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ︔     ︵ᠭᠤᠷᠪᠠ︶ ᠲᠤᠰᠬᠠᠶ ᠮᠡᠷᠭᠡᠵᠢᠯᠲᠡᠳ ᠲᠢᠩᠬᠢᠮ ᠤᠨ ᠬᠠᠮᠢᠶ᠎ᠠ ᠪᠥᠬᠦᠶ ᠭᠠᠵᠠᠷ ᠲᠠᠰᠤᠭ ᠤᠨ ᠳ᠋ᠢᠶᠠᠩᠬᠤᠸᠠ᠂ ᠮᠡᠳᠡᠭᠡ ᠵᠠᠩᠭᠢ ᠪᠤᠶᠤ ᠪᠢᠴᠢᠭᠯᠡᠭᠰᠡᠨ ᠮᠡᠳᠡᠭᠳᠡᠯ ᠢ ᠣᠯᠤᠭᠰᠠᠨ ᠤ ᠳᠠᠷᠠᠭ᠎ᠠ ᠬᠠᠷᠢᠭᠤ ᠥᠭᠬᠦ ᠶᠢᠨ ᠬᠠᠮᠲᠤ ᠲᠣᠭᠲᠠᠭᠰᠠᠨ ᠴᠠᠭ ᠬᠤᠭᠤᠴᠠᠭ᠎ᠠ ᠶᠣᠰᠣ ᠪᠠᠷ ᠲᠣᠭᠲᠠᠭᠰᠠᠨ ᠭᠠᠵᠠᠷ ᠲᠤ ᠬᠦᠷᠴᠦ ᠠᠵᠢᠯ ᠢᠶᠠᠨ ᠦᠷᠨᠢᠭᠦᠯᠦᠨ᠎ᠡ︔ ᠬᠡᠷᠪᠡ ᠴᠠᠭ ᠲᠠᠭᠠᠨ ᠣᠷᠣᠯᠴᠠᠵᠤ ᠳᠡᠶᠢᠯᠬᠦ ᠦᠭᠡᠶ ᠪᠣᠯ ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ ᠲᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃     ᠲᠠᠪᠤᠳᠤᠭᠠᠷ ᠪᠦᠯᠦᠭ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ      ᠠᠷᠪᠠᠨ ᠵᠢᠷᠭᠤᠳᠤᠭᠠᠷ ᠵᠦᠶᠯ   ᠲᠤᠰᠬᠠᠶ ᠮᠡᠷᠭᠡᠵᠢᠯᠲᠡᠨ ᠤ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠮᠠᠭᠤ ᠦᠶᠯᠡ ᠠᠵᠢᠯᠯᠠᠭ᠎ᠠ ᠶᠢᠨ ᠲᠡᠮᠳᠡᠭᠯᠡᠯ ᠳᠤ ᠵᠢᠭᠰᠠᠭᠠᠨ ᠣᠷᠣᠭᠤᠯᠤᠨ᠎ᠠ᠃     ︵ᠨᠢᠭᠡ︶ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠤᠯᠬᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠤ ᠨᠡᠷ᠎ᠡ  ᠪᠠᠷ ᠵᠦᠢ ᠶᠣᠰᠣᠨ ᠤ ᠪᠤᠰᠤ ᠠᠵᠢᠯᠯᠠᠭ᠎ᠠ ᠬᠢᠭᠰᠡᠨ︔     ︵ᠬᠤᠶᠠᠷ︶ ᠲᠣᠮᠢᠯᠠᠭᠰᠠᠨ ᠡᠭᠦᠷᠭᠡ ᠶᠢᠨ ᠬᠠᠮᠢᠶ᠎ᠠ ᠪᠦᠬᠦᠢ ᠲᠠᠯ᠎ᠠ ᠶᠢᠨ ᠨᠢᠭᠤᠴᠠ ᠵᠢᠴᠢ ᠬᠤᠳᠠᠯᠳᠤᠭ᠎ᠠ ᠪᠠ ᠮᠡᠷᠭᠡᠵᠢᠯ ᠤᠨ ᠨᠢᠭᠤᠴᠠ ᠶᠢ ᠵᠠᠳᠠᠷᠠᠭᠤᠯᠤᠭᠰᠠᠨ︔     ︵ᠭᠤᠷᠪᠠ︶ ᠲᠣᠮᠢᠯᠠᠭᠰᠠᠨ ᠡᠭᠦᠷᠭᠡ ᠶᠢᠨ ᠬᠠᠮᠢᠶ᠎ᠠ ᠪᠦᠬᠦᠢ ᠲᠠᠯ᠎ᠠ ᠯᠤᠭ᠎ᠠ ᠠᠰᠢᠭ ᠬᠤᠣᠷ ᠤᠨ ᠬᠠᠷᠢᠴᠠᠭ᠎ᠠ ᠲᠠᠢ ᠪᠠᠶᠢᠭᠠᠳ ᠵᠠᠶᠢᠯᠠᠭᠰᠠᠨ ᠦᠭᠡᠢ︔     ︵ᠳᠥᠷᠪᠡ︶ ᠡᠭᠦᠷᠭᠡᠲᠦ ᠡᠲᠡᠭᠡᠳ ᠲᠠᠢ ᠳᠠᠯᠳᠠᠭᠤᠷ ᠬᠠᠷᠢᠯᠴᠠᠵᠤ᠂ ᠡᠷᠬᠡ ᠪᠠᠨ ᠠᠰᠢᠭᠯᠠᠨ ᠠᠮᠢ ᠪᠠᠨ ᠪᠣᠷᠳᠣᠵᠤ᠂ ᠬᠡᠭᠡᠯᠢ ᠬᠠᠭ᠋ᠤᠤᠯᠢ ᠢᠳᠡᠵᠦ᠂ ᠵᠠᠪᠰᠢᠶᠠᠨ ᠢ ᠳᠠᠯᠢᠮᠳᠠᠭᠤᠯᠤᠨ ᠲᠤᠰ ᠬᠥᠮᠦᠨ᠂ ᠪᠤᠰᠤᠳ ᠬᠥᠮᠦᠨ ᠪᠤᠶᠤ ᠨᠢᠭᠡᠴᠢ ᠳᠤ ᠠᠰᠢᠭ ᠲᠤᠰᠠ ᠣᠯᠭᠤᠭᠰᠠᠨ︔     ︵ᠲᠠᠪᠤ︶ ᠳᠠᠭᠠᠭᠠᠯᠭᠠᠭᠰᠠᠨ ᠡᠭᠦᠷᠭᠡ ᠶᠢ ᠭᠦᠢᠴᠡᠳᠬᠡᠬᠦ ᠳᠤ ᠪᠠᠨ ᠪᠠᠷᠢᠮᠵᠢᠶ᠎ᠠ ᠶᠢ ᠳᠣᠷᠣᠭᠰᠢᠯᠠᠭᠤᠯᠵᠤ᠂ ᠬᠤᠳᠠᠯ  ᠢᠶᠠᠷ ᠵᠣᠬᠢᠶᠠᠨ ᠬᠠᠭᠤᠷᠮᠠᠭ ᠢᠶᠠᠷ ᠦᠢᠯᠡᠳᠦᠭᠰᠡᠨ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠬᠤᠯᠪᠣᠭᠳᠠᠯ ᠪᠦᠬᠦᠢ ᠬᠥᠮᠦᠰ ᠲᠠᠢ ᠰᠥᠯᠪᠡᠭᠡᠯᠳᠦᠵᠦ᠂ ᠬᠤᠯᠪᠣᠭᠳᠠᠯ ᠪᠦᠬᠦᠢ ᠲᠠᠯ᠎ᠠ ᠳᠤ ᠬᠤᠳᠠᠯ ᠬᠠᠭᠤᠷᠮᠠᠭ ᠮᠡᠳᠡᠭᠦᠯᠦᠯᠲᠡ ᠪᠤᠶᠤ ᠮᠡᠷᠭᠡᠵᠢᠯ ᠤᠨ ᠳ᠋ᠦᠩᠨᠡᠯᠲᠡ ᠬᠠᠩᠭᠠᠭᠰᠠᠨ᠃       ᠲᠤᠰᠬᠠᠢ ᠮᠡᠷᠭᠡᠵᠢᠯᠲᠡᠨ ᠳᠡᠭᠡᠷ᠎ᠡ ᠳᠤᠷᠠᠳᠤᠭᠰᠠᠨ ᠮᠠᠭᠤ ᠤᠢᠢᠯᠠ ᠠᠵᠢᠯᠯᠠᠭ᠎ᠠ ᠲᠠᠢ ᠪᠠᠶᠢᠪᠠᠯ ᠲᠤᠰᠬᠠᠢ ᠮᠡᠷᠭᠡᠵᠢᠯᠲᠡᠨ ᠤ ᠰᠠᠨᠠᠯ ᠬᠦᠴᠦᠨ ᠤᠢᠭᠡᠢ ᠪᠥᠭᠡᠳ ᠤᠢᠢᠯᠠ ᠪᠠᠶᠢᠳᠠᠯ ᠤᠨ ᠬᠢᠨᠢ ᠬᠦᠨᠳᠦ ᠨᠣᠴᠢᠲᠠᠢ ᠬᠡᠮᠵᠢᠶ᠎ᠡ ᠶᠢ ᠦᠵᠡᠵᠦ ᠪᠠᠶᠢᠭᠠᠳ ᠲᠤᠰᠬᠠᠢ ᠮᠡᠷᠭᠡᠵᠢᠯᠲᠡᠨ ᠤ ᠪᠠᠶᠢᠭ᠎ᠠ ᠨᠢᠭᠡᠴᠢ ᠳᠤ ᠮᠡᠳᠡᠭᠳᠡᠵᠦ ᠬᠤᠯᠪᠣᠭᠳᠠᠯ ᠪᠦᠬᠦᠢ ᠲᠣᠭᠲᠠᠭᠠᠯ ᠶᠣᠰᠣ ᠪᠠᠷ ᠰᠢᠢᠳᠪᠦᠷᠢᠯᠡᠨ᠎ᠡ︔ ᠬᠠᠤᠯᠢ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠵᠤ᠂ ᠪᠤᠰᠤᠳ ᠬᠥᠮᠦᠨ ᠳᠤ ᠬᠤᠬᠢᠷᠠᠯ ᠤᠴᠠᠷᠠᠭᠤᠯᠤᠭᠰᠠᠨ ᠪᠤᠶᠤ ᠨᠢᠭᠡᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣ ᠪᠠᠷ ᠵᠣᠬᠢᠴᠠᠩᠭᠤᠢ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ︔ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃       ᠠᠷᠪᠠᠨ ᠳᠣᠯᠣᠳᠤᠭᠠᠷ ᠵᠦᠶᠯ   ᠲᠤᠰᠬᠠᠶ ᠮᠡᠷᠭᠡᠵᠢᠯᠲᠡᠨ ᠤ ᠤᠬᠤᠷᠢᠨ ᠭᠠᠷᠬᠤ ᠲᠣᠭᠲᠠᠴᠠ ᠶᠢ ᠪᠠᠶᠢᠭᠤᠯᠤᠨ᠎ᠠ᠃ ᠲᠤᠰᠬᠠᠶ ᠮᠡᠷᠭᠡᠵᠢᠯᠲᠡᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠤᠷᠢᠬᠤ ᠪᠠᠨ ᠪᠤᠯᠢᠵᠤ ᠤᠬᠤᠷᠢᠨ ᠭᠠᠷᠤᠨ᠎ᠠ᠃     ︵ᠨᠢᠭᠡ︶ ᠬᠤᠳᠠᠯ ᠬᠠᠭᠤᠷᠮᠠᠭ ᠮᠡᠳᠡᠭᠦᠯᠦᠭᠰᠡᠨ ᠮᠡᠳᠡᠭᠡ ᠵᠠᠩᠭᠢ ᠬᠠᠩᠭᠠᠵᠤ ᠲᠤᠰᠬᠠᠶ ᠮᠡᠷᠭᠡᠵᠢᠯᠲᠡᠨ ᠤ ᠬᠢᠷᠢ ᠬᠡᠮ ᠣᠯᠤᠭᠰᠠᠨ︔     ︵ᠬᠤᠶᠠᠷ︶ ᠲᠤᠰ ᠬᠥᠮᠦᠨ ᠪᠤᠶᠤ ᠪᠠᠶᠢᠭ᠎ᠠ ᠨᠢᠭᠡᠴᠢ ᠠᠴᠠ ᠨᠢ ᠲᠤᠰᠬᠠᠶ ᠮᠡᠷᠭᠡᠵᠢᠯᠲᠡᠨ ᠪᠣᠯᠬᠤ ᠦᠭᠡᠶ ᠭᠡᠵᠦ ᠳᠤᠷᠠᠳᠤᠭᠰᠠᠨ︔     ︵ᠭᠤᠷᠪᠠ︶ ᠣᠨᠴᠠᠭᠠᠢ ᠰᠢᠯᠲᠠᠭᠠᠨ ᠥᠬᠡᠶ ᠪᠠᠷ᠂ ᠨᠢᠭᠡ ᠵᠢᠯ ᠤᠨ ᠳᠣᠲᠣᠷ᠎ᠠ 3 ᠤᠳᠠᠭ᠎ᠠ ᠠᠴᠠ ᠳᠡᠭᠡᠭᠰᠢ       ︵3 ᠤᠳᠠᠭ᠎ᠠ ᠶᠢ ᠪᠠᠭᠲᠠᠭᠠᠨ᠎ᠠ︶ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ  ᠤᠨ ᠵᠢᠭᠠᠨ ᠲᠣᠮᠢᠯᠠᠭᠰᠠᠨ ᠠᠵᠢᠯ ᠤᠨ ᠡᠭᠦᠷᠭᠡ ᠳᠤ ᠥᠯᠥ ᠣᠷᠣᠯᠴᠠᠭᠰᠠᠨ︔     ︵ᠳᠥᠷᠪᠡ︶ ᠡᠭᠦᠷᠭᠡ ᠭᠦᠢᠴᠡᠳᠬᠡᠵᠦ ᠪᠠᠶᠢᠭ᠎ᠠ ᠬᠤᠭᠤᠴᠠᠭᠠᠨ ᠳᠤ ᠠᠵᠢᠯ ᠢᠶᠠᠨ ᠬᠢᠵᠦ ᠳᠡᠶᠢᠯᠬᠦ ᠦᠭᠡᠶ ᠪᠤᠶᠤ ᠠᠵᠢᠯ ᠳᠤ ᠪᠠᠨ ᠬᠠᠷᠢᠭᠤᠴᠠᠯᠭ᠎ᠠ ᠦᠭᠡᠶ᠂ ᠪᠤᠰᠤᠳᠴᠢ ᠪᠣᠳᠠᠲᠤ ᠬᠡᠷᠡᠭ ᠠᠴᠠ ᠵᠥᠷᠢᠴᠡᠨ ᠭᠤᠣᠯᠴᠢ ᠪᠤᠰᠤ ᠮᠡᠳᠡᠭᠦᠯᠦᠯᠲᠡ ᠪᠤᠶᠤ ᠪᠤᠷᠤᠭᠤ ᠳ᠋ᠦᠩᠨᠡᠯᠲᠡ ᠬᠠᠩᠭᠠᠭᠰᠠᠨ︔     ︵ᠲᠠᠪᠤ︶ ᠪᠡᠶ᠎ᠡ ᠶᠢᠨ ᠪᠠᠶᠢᠳᠠᠯ᠂ ᠠᠵᠢᠯ ᠤᠨ ᠬᠤᠪᠢᠷᠠᠯᠲᠠ ᠵᠡᠷᠭᠡ ᠰᠢᠯᠲᠠᠭᠠᠨ ᠠᠴᠠ ᠪᠤᠯᠵᠤ ᠲᠤᠰᠬᠠᠢ ᠮᠡᠷᠭᠡᠵᠢᠯᠲᠡᠨ ᠤ ᠠᠵᠢᠯ ᠢ ᠦᠷᠭᠦᠯᠵᠢᠯᠡᠨ ᠬᠢᠵᠦ ᠳᠡᠶᠢᠯᠬᠦ ᠦᠭᠡᠢ ᠪᠣᠯᠤᠭᠰᠠᠨ︔     ︵ᠵᠢᠷᠭᠤᠭ᠎ᠠ︶ ᠲᠤᠰ ᠠᠷᠭ᠎ᠠ ᠶᠢᠨ ᠠᠷᠪᠠᠨ ᠵᠢᠷᠭᠤᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠭᠰᠡᠨ ᠮᠠᠭᠤ ᠦᠢᠯᠡ ᠠᠵᠢᠯᠯᠠᠭ᠎ᠠ ᠶᠢᠨ ᠲᠡᠮᠳᠡᠭᠯᠡᠯ ᠲᠠᠢ︔     ︵ᠳᠣᠯᠤᠭ᠎ᠠ︶ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠬᠡᠯ ᠣᠯᠤᠭᠰᠠᠨ ᠪᠤᠶᠤ ᠡᠷᠡᠭᠦᠦ  ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ︔     ︵ᠨᠠᠢᠮᠠ︶ ᠲᠤᠰᠬᠠᠢ ᠮᠡᠷᠭᠡᠵᠢᠯᠲᠡᠨ ᠤ ᠠᠵᠢᠯ ᠢ ᠦᠷᠭᠦᠯᠵᠢᠯᠡᠨ ᠬᠢᠬᠦ ᠳᠤ ᠲᠣᠬᠢᠷᠠᠮᠵᠢ ᠦᠭᠡᠢ ᠪᠤᠰᠤᠳ ᠪᠠᠶᠢᠳᠠᠯ᠃     ᠵᠢᠷᠭᠤᠳᠤᠭᠠᠷ ᠪᠦᠯᠦᠭ ᠵᠠᠷᠤᠳᠠᠯ ᠬᠢᠭᠡᠳ ᠪᠠᠲᠤᠯᠠᠭ᠎ᠠ     ᠠᠷᠪᠠᠨ ᠨᠠᠶᠮᠠᠳᠤᠭᠠᠷ ᠵᠦᠢᠯ   ᠲᠤᠰᠬᠠᠶ ᠮᠡᠷᠭᠡᠵᠢᠯᠲᠡᠨ ᠤ ᠠᠵᠢᠯ ᠤᠨ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠣᠨ ᠤ ᠠᠶᠤᠯᠬᠦᠢ ᠦᠢᠯᠡᠳᠪᠦᠷᠢᠯᠡᠯ ᠤᠨ ᠵᠠᠷᠤᠳᠠᠯ  ᠤᠨ ᠲᠥᠰᠦᠪ ᠲᠤ ᠣᠷᠣᠭᠤᠯᠵᠤ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠬᠡᠷᠡᠭᠲᠡᠶ᠃ ᠦᠢᠯᠡᠴᠢᠯᠡᠭᠡᠨ  ᠤ ᠨᠢᠭᠡᠴᠢ ᠠᠴᠠ ᠠᠰᠲᠠᠭᠠᠨ ᠶᠠᠮᠠᠷᠪᠠ ᠰᠦᠢᠳᠬᠡᠯ ᠬᠤᠷᠢᠶᠠᠵᠤ ᠪᠣᠯᠬᠤ ᠦᠭᠡᠢ᠃     ᠠᠷᠪᠠ ᠶᠢᠰᠦᠳᠦᠭᠡᠷ ᠵᠦᠶᠯ   ᠲᠤᠰᠬᠠᠶ ᠮᠡᠷᠭᠡᠵᠢᠯᠲᠡᠨ ᠤ ᠵᠠᠷᠤᠳᠠᠯ ᠢ ᠳᠣᠤᠷᠠᠬᠢ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠄     ︵ᠨᠢᠭᠡ︶  ᠠᠰᠠᠭᠤᠨ ᠯᠠᠪᠠᠯᠬᠤ ᠦᠢᠯᠡᠴᠢᠯᠡᠭᠡᠨ ᠤ ᠲᠥᠷᠥᠯ᠄ ᠬᠥᠮᠦᠨ ᠪᠦᠷᠢ ᠡᠳᠦᠷ ᠲᠤ 500 ᠲᠥᠭᠦᠷᠢᠭ︔ ᠴᠢᠬᠤᠯᠠ ᠶᠡᠭᠡ ᠲᠥᠷᠥᠯ ᠵᠦᠢᠯ ᠪᠤᠶᠤ ᠰᠡᠳᠦᠪ ᠢ ᠨᠡᠷᠡᠲᠦ ᠲᠤᠰᠬᠠᠶ ᠮᠡᠷᠭᠡᠵᠢᠯᠲᠡᠨ ᠢᠶᠠᠷ ᠣᠨᠣᠰᠢᠯᠠᠭᠤᠯᠵᠤ ᠨᠤᠲᠠᠯᠠᠭᠤᠯᠬᠤ ᠴᠢᠬᠤᠯᠠ ᠲᠠᠢ ᠪᠣᠯ ᠬᠥᠮᠦᠨ ᠪᠦᠷᠢ ᠡᠳᠦᠷ ᠲᠤ 1000 ᠲᠥᠭᠦᠷᠢᠭ︔     ︵ᠬᠤᠶᠠᠷ︶ ᠰᠢᠮᠳᠠᠭᠤᠯᠤᠨ ᠵᠢᠯᠣᠭᠤᠳᠴᠤ ᠪᠠᠶᠢᠴᠠᠭᠠᠬᠤ᠂ ᠠᠳᠠᠯ ᠭᠠᠮᠰᠢᠭ ᠢ ᠪᠠᠶᠢᠴᠠᠭᠠᠬᠤ ᠲᠥᠷᠥᠯ᠄ ᠬᠥᠮᠦᠨ ᠪᠦᠷᠢ ᠡᠳᠦᠷ ᠲᠤ 800 ᠲᠥᠭᠦᠷᠢᠭ︔     ︵ᠭᠤᠷᠪᠠ︶ ᠬᠢᠨᠠᠨ ᠲᠣᠭᠲᠠᠭᠠᠵᠤ ᠦᠨᠡᠯᠡᠨ ᠵᠢᠱᠢᠬᠦ ᠲᠥᠷᠥᠯ᠄ ᠬᠥᠮᠦᠨ ᠪᠦᠷᠢ ᠡᠳᠦᠷ ᠲᠤ 500 ᠲᠥᠭᠦᠷᠢᠭ︔     ︵ᠳᠥᠷᠪᠡ︶ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠵᠤ ᠰᠢᠶᠳᠪᠦᠷᠢᠯᠡᠬᠦ ᠲᠥᠷᠥᠯ᠄ ᠬᠥᠮᠦᠨ ᠪᠦᠷᠢ ᠡᠳᠦᠷ ᠲᠤ 1000 ᠲᠥᠭᠦᠷᠢᠭ︔     ︵ᠲᠠᠪᠤ︶  ᠤᠬᠠᠭᠤᠯᠤᠨ ᠲᠣᠭᠤᠰᠢᠯᠠᠭᠤᠯᠬᠤ ᠪᠣᠯᠪᠠᠰᠤᠷᠠᠯ ᠤᠨ ᠲᠥᠷᠥᠯ᠄ ᠲᠤᠰᠬᠠᠶ ᠮᠡᠷᠭᠡᠵᠢᠯᠲᠡᠨ ᠤ ᠪᠣᠯᠪᠠᠰᠤᠷᠠᠯ ᠤᠨ ᠬᠢᠴᠢᠶᠡᠯ ᠢ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠪᠣᠯᠪᠠᠰᠤᠷᠠᠯ ᠤᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ  ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ  ᠶᠢᠨ ᠵᠣᠬᠢᠶᠠᠨ ᠪᠠᠶᠢᠭᠤᠯᠬᠤ ᠬᠡᠯᠲᠡᠰ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠲᠠᠨ ᠤ ᠲᠣᠪᠴᠢᠶ᠎ᠠ ᠶᠢᠨ ᠮᠡᠳᠡᠭᠳᠡᠯ︾ ︵ᠥᠪᠥᠷ ᠡᠳ᠋ ᠤᠨ ᠵᠠᠰᠠᠭ ﹇2017﹈ 2091 ᠳ᠋ᠦ᠋ᠭᠡᠷ ᠲᠣᠭᠠᠲᠤ︶ ᠪᠣᠯᠤᠨ             ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠪᠣᠯᠪᠠᠰᠤᠷᠠᠯ ᠤᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ﹀ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ  ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠨᠥᠬᠦᠪᠥᠷᠢ ᠮᠡᠳᠡᠭᠳᠡᠯ︾ ︵ᠥᠪᠥᠷ ᠡᠳ᠋ ᠤᠨ ᠵᠠᠰᠠᠭ ᠲᠣᠭᠲᠠᠭᠠᠯ ﹇2023﹈ 5 ᠳ᠋ᠤᠭᠠᠷ ᠲᠣᠭᠠᠲᠤ︶ ᠢᠶᠠᠷ ᠬᠡᠷᠡᠭᠵᠢᠭᠦᠯᠦᠨ᠎ᠡ᠃      ᠬᠤᠷᠢᠳᠤᠭᠠᠷ ᠵᠦᠶᠯ  ᠲᠤᠰᠬᠠᠶ ᠮᠡᠷᠭᠡᠵᠢᠯᠲᠡᠨ ᠤ ᠵᠠᠷᠤᠳᠠᠯ ᠢ ᠲᠤᠰᠬᠠᠶ ᠮᠡᠷᠭᠡᠵᠢᠯᠲᠡᠨ ᠢ ᠤᠷᠢᠭᠰᠠᠨ ᠭᠠᠵᠠᠷ ᠲᠠᠰᠤᠭ ᠠᠴᠠ ᠳᠣᠤᠷᠠᠬᠢ ᠲᠣᠭᠲᠠᠭᠠᠯ ᠶᠣᠰᠣ ᠪᠠᠷ ᠳᠠᠩᠰᠠ ᠲᠠᠶᠢᠯᠬᠤ ᠭᠠᠷᠳᠠᠮ ᠢ  ᠭᠦᠢᠴᠡᠳᠬᠡᠨ᠎ᠡ᠄       ︵ᠨᠢᠭᠡ︶ ᠵᠠᠮ ᠬᠠᠷᠢᠯᠴᠠᠭᠠᠨ ᠤ ᠵᠠᠷᠤᠳᠠᠯ᠂ ᠬᠤᠨᠤᠭ ᠤᠨ ᠵᠠᠷᠤᠳᠠᠯ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠵᠠᠮ ᠤᠨ ᠵᠠᠷᠤᠳᠠᠯ ᠬᠤᠨᠤᠭ ᠤᠨ ᠵᠠᠷᠤᠳᠠᠯ ᠤᠨ ᠬᠠᠮᠢᠶ᠎ᠠ ᠪᠥᠬᠦᠶ ᠲᠣᠭᠲᠠᠭᠠᠯ ᠪᠠ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠲᠠᠩᠰᠠ ᠲᠠᠶᠢᠯᠠᠨ᠎ᠠ᠃ ᠵᠠᠮ ᠬᠠᠷᠢᠯᠴᠠᠭᠠᠨ ᠤ ᠵᠠᠷᠤᠳᠠᠯ ᠢ ᠵᠠᠷᠴᠢᠮ ᠳᠡᠭᠡᠷ᠎ᠡ  ᠪᠠᠨ ᠵᠥᠪᠬᠡᠨ ᠮᠣᠷᠳᠠᠭᠰᠠᠨ ᠭᠠᠵᠠᠷ ᠠᠴᠠ ᠲᠤᠬᠠᠶ ᠶᠢᠨ ᠭᠠᠵᠠᠷ ᠲᠤ ᠢᠷᠡᠵᠦ ᠣᠴᠢᠬᠤ ᠵᠠᠮ ᠬᠠᠷᠢᠯᠴᠠᠭᠠᠨ ᠤ ᠵᠠᠷᠤᠳᠠᠯ ᠢ ᠲᠠᠩᠰᠠ ᠲᠠᠶᠢᠯᠠᠨ᠎ᠠ︔ ᠬᠡᠷᠪᠡ ᠣᠴᠢᠬᠤ ᠵᠠᠮ ᠪᠠ ᠪᠤᠴᠠᠬᠤ ᠵᠠᠮ ᠤᠨ ᠲᠠᠩᠰᠠ ᠲᠠᠶᠢᠯᠬᠤ ᠭᠠᠵᠠᠷ ᠨᠢ ᠨᠢᠭᠡᠳᠦᠯ ᠥᠬᠡᠶ ᠪᠠᠶᠢᠪᠠᠯ᠂ ᠵᠥᠪᠬᠡᠨ ᠣᠴᠢᠬᠤ ᠵᠠᠮ ᠤᠨ ᠵᠠᠷᠤᠳᠠᠯ ᠠᠴᠠ ᠬᠡᠲᠦᠷᠡᠬᠦ ᠥᠬᠡᠶ ᠬᠡᠰᠡᠭ ᠢ ᠯᠠ ᠲᠠᠩᠰᠠ ᠲᠠᠶᠢᠯᠠᠨ᠎ᠠ︔     ︵ᠬᠤᠶᠠᠷ︶ ᠲᠤᠰᠬᠠᠶ ᠮᠡᠷᠭᠡᠵᠢᠯᠲᠡᠨ ᠤ ᠵᠠᠷᠤᠳᠠᠯ ᠢ ᠲᠠᠩᠰᠠ ᠲᠠᠶᠢᠯᠬᠤ ᠳᠤ᠂ ︽ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠣᠮᠢᠯᠠᠭᠰᠠᠨ ᠲᠤᠰᠬᠠᠶ ᠮᠡᠷᠭᠡᠵᠢᠯᠲᠡᠨ ᠤ ᠵᠠᠷᠤᠳᠠᠯ ᠢ ᠬᠢᠨᠠᠨ ᠵᠥᠪᠰᠢᠶᠡᠷᠡᠬᠦ ᠬᠦᠰᠦᠨᠦᠭᠲᠦ︾ ︵ᠳᠠᠭᠠᠯᠳᠤᠭᠤᠯᠤᠯ 5︶ ᠶᠢ ᠲᠠᠭᠯᠠᠵᠤ᠂ ᠲᠤᠰᠬᠠᠶ ᠮᠡᠷᠭᠡᠵᠢᠯᠲᠡᠨ ᠤ ᠵᠠᠷᠤᠳᠠᠯ ᠤᠨ ᠪᠠᠷᠢᠮᠵᠢᠶ᠎ᠠ ᠶᠣᠰᠣ ᠪᠠᠷ ᠥᠭᠬᠦ ᠬᠡᠷᠡᠭᠲᠡᠶ︔ ᠡᠭᠦᠨ ᠳᠤ ᠲᠤᠰᠬᠠᠶ ᠮᠡᠷᠭᠡᠵᠢᠯᠲᠡᠨ ᠤ ᠬᠥᠳᠡᠯᠮᠦᠷᠢ ᠦᠶᠯᠡᠴᠢᠯᠡᠭᠡᠨ ᠤ ᠵᠠᠷᠤᠳᠠᠯ ︵ᠬᠥᠳᠡᠯᠮᠦᠷᠢ ᠦᠶᠯᠡᠴᠢᠯᠡᠭᠡᠨ ᠤ ᠵᠠᠷᠤᠳᠠᠯ ᠤᠨ ᠪᠠᠷᠢᠮᠲᠠ ᠶᠢᠨ ᠬᠡᠯᠪᠡᠷᠢ ᠪᠠᠷ ᠲᠠᠩᠰᠠ ᠲᠠᠶᠢᠯᠬᠤ︶ ᠢ ᠪᠣᠳᠠᠲᠠᠶ ᠡᠭᠦᠰᠦᠭᠰᠡᠨ ᠠᠵᠢᠯ ᠤᠨ ᠡᠳᠦᠷ ᠤᠨ ᠴᠠᠭ ᠢᠶᠠᠷ ᠪᠤᠳᠤᠨ᠎ᠠ ︵ᠬᠠᠭᠠᠰ ᠡᠳᠦᠷ ᠬᠥᠷᠬᠦ ᠥᠬᠡᠶ  ᠶᠢ ᠨᠢ ᠬᠠᠭᠠᠰ ᠡᠳᠦᠷ ᠢᠶᠠᠷ ᠪᠤᠳᠤᠨ᠎ᠠ︶᠃ ᠵᠠᠮ ᠵᠠᠭᠤᠷ᠎ᠠ ᠴᠢᠯᠥᠭᠡ ᠠᠪᠤᠭᠰᠠᠨ ᠬᠤᠭᠤᠴᠠᠭᠠᠨ ᠳᠤ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠥᠭᠬᠦ ᠦᠭᠡᠶ ᠮᠥᠷᠲᠡᠭᠡᠨ ᠴᠢᠯᠥᠭᠡ ᠠᠪᠤᠭᠰᠠᠨ ᠠᠴᠠ ᠪᠣᠯᠣᠭᠰᠠᠨ ᠢᠷᠡᠵᠦ ᠶᠠᠪᠤᠬᠤ ᠵᠠᠮ  ᠤᠨ ᠵᠠᠷᠤᠳᠠᠯ ᠢ ᠳᠠᠩᠰᠠ ᠲᠠᠶᠢᠯᠬᠤ ᠦᠭᠡᠶ︔ ᠬᠡᠷᠪᠡ ᠴᠢᠯᠥᠭᠡ ᠭᠤᠶᠤᠭᠠᠳ ᠪᠣᠳᠠᠲᠠᠶ ᠠᠵᠢᠯ ᠢᠶᠠᠨ ᠥᠷᠨᠢᠭᠦᠯᠵᠦ ᠳᠡᠶᠢᠯᠦᠭᠰᠡᠨ ᠥᠬᠡᠶ ᠪᠠᠶᠢᠳᠠᠯ ᠣᠷᠣᠰᠢᠵᠤ ᠪᠠᠶᠢᠪᠠᠯ᠂ ᠢᠷᠡᠵᠦ ᠣᠴᠢᠬᠤ ᠵᠠᠮ ᠬᠠᠷᠢᠯᠴᠠᠭᠠᠨ ᠤ ᠵᠠᠷᠤᠳᠠᠯ ᠢ ᠲᠠᠩᠰᠠ ᠲᠠᠶᠢᠯᠬᠤ ᠥᠬᠡᠶ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠠᠵᠢᠯ ᠳᠤ ᠪᠠᠶᠢᠭ᠎ᠠ ᠵᠠᠰᠠᠭ ᠵᠠᠬᠢᠷᠭᠠᠨ ᠤ ᠠᠵᠢᠯᠲᠠᠨ ᠪᠣᠯᠤᠨ ᠲᠢᠩᠬᠢᠮ ᠤᠨ ᠰᠢᠭᠤᠳ ᠬᠠᠷᠢᠶ᠎ᠠ ᠨᠢᠭᠡᠴᠢ  ᠶᠢᠨ ᠠᠵᠢᠯᠲᠠᠨ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ ᠳᠠᠩᠰᠠ ᠲᠠᠶᠢᠯᠵᠤ ᠪᠣᠯᠬᠤ ᠦᠭᠡᠶ︔     ︵ᠭᠤᠷᠪᠠ ︶ ᠲᠠᠩᠰᠠ ᠲᠠᠶᠢᠯᠬᠤ ᠳ᠋ᠦᠩᠨᠡᠨ ᠪᠤᠳᠤᠬᠤ ᠲᠠᠰ ᠳᠠᠷᠠᠭᠠᠯᠠᠯ ᠢ ᠲᠢᠩᠬᠢᠮ ᠤᠨ ᠪᠠᠶᠢᠭᠤᠯᠭ᠎ᠠ ᠶᠢᠨ ᠬᠤᠯᠪᠣᠭᠳᠠᠯ ᠪᠥᠬᠦᠶ ᠡᠳ᠋ ᠤᠨ ᠶᠠᠪᠤᠳᠠᠯ ᠤᠨ ᠲᠣᠭᠲᠠᠭᠠᠯ ᠶᠣᠰᠣ ᠪᠠᠷ ᠬᠡᠷᠡᠭᠵᠢᠭᠦᠯᠦᠨ᠎ᠡ︔     ︵ᠳᠥᠷᠪᠡ ︶ ᠲᠤᠰᠬᠠᠶ ᠮᠡᠷᠭᠡᠵᠢᠯᠲᠡᠨ ᠠᠴᠠ ᠲᠤᠰᠬᠠᠶ ᠵᠠᠷᠤᠳᠠᠯ ᠤᠨ ᠪᠠᠲᠤᠯᠠᠭ᠎ᠠ ᠲᠠᠢ ᠡᠭᠦᠷᠭᠡ ᠳᠤ ᠣᠷᠣᠯᠴᠠᠭᠰᠠᠨ ᠪᠣᠯ ᠬᠤᠯᠪᠣᠭᠳᠠᠯ ᠪᠦᠬᠦᠢ ᠲᠣᠭᠲᠠᠭᠠᠯ ᠶᠣᠰᠣ ᠪᠠᠷ ᠬᠡᠷᠡᠭᠵᠢᠭᠦᠯᠬᠦ ᠬᠡᠷᠡᠭᠲᠡᠶ᠃ ᠲᠤᠰᠬᠠᠶ ᠮᠡᠷᠭᠡᠵᠢᠯᠲᠡᠨ ᠣᠯᠠᠨ ᠡᠭᠦᠷᠭᠡ ᠭᠦᠶᠴᠡᠳᠬᠡᠵᠦ ᠪᠠᠶᠢᠪᠠᠯ᠂ ᠡᠳᠦᠷ ᠪᠦᠷᠢ ᠶᠢᠨ ᠪᠠᠷᠢᠮᠵᠢᠶ᠎ᠠ ᠶᠢ ᠬᠠᠮᠤᠭ ᠤᠨ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠦᠨ᠎ᠡ᠃     ᠳᠣᠯᠣᠳᠤᠭᠠᠷ ᠪᠦᠯᠦᠭ  ᠳᠠᠭᠠᠯᠳᠤᠭᠤᠯᠤᠯ ᠲᠦᠷᠢᠮ     ᠬᠤᠷᠢᠨ ᠨᠢᠭᠡᠳᠦᠭᠡᠷ ᠵᠦᠢᠯ   ᠲᠤᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠤᠯᠬᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃     ᠬᠤᠷᠢᠨ ᠬᠤᠶᠠᠳᠤᠭᠠᠷ ᠵᠦᠢᠯ   ᠲᠤᠰ ᠠᠷᠭ᠎ᠠ ᠳᠤ ᠬᠤᠯᠪᠣᠭᠳᠠᠭᠰᠠᠨ ᠬᠠᠮᠢᠶ᠎ᠠ ᠪᠦᠬᠦᠢ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ᠂ ᠬᠤᠪᠢᠷᠠᠭᠤᠯᠤᠭᠰᠠᠨ ᠪᠤᠶᠤ ᠬᠦᠴᠦᠨ ᠦᠭᠡᠶ ᠪᠣᠯᠭᠠᠭᠰᠠᠨ ᠪᠠᠶᠢᠪᠠᠯ᠂ ᠲᠡᠭᠦᠨ ᠤ ᠵᠠᠰᠠᠪᠤᠷᠢ ᠣᠷᠣᠭᠤᠯᠤᠭᠰᠠᠨ᠂ ᠬᠤᠪᠢᠷᠠᠭᠤᠯᠤᠭᠰᠠᠨ ᠪᠤᠶᠤ ᠠᠰᠲᠠᠭᠠᠨ ᠲᠣᠭᠲᠠᠭᠠᠭᠰᠠᠨ ᠰᠢᠨ᠎ᠡ ᠲᠣᠭᠲᠠᠭᠠᠯ ᠶᠣᠰᠣ ᠪᠠᠷ ᠬᠡᠷᠡᠭᠵᠢᠭᠦᠯᠦᠨ᠎ᠡ᠃     ᠬᠤᠷᠢᠨ ᠭᠤᠷᠪᠠᠳᠤᠭᠠᠷ ᠵᠦᠢᠯ   ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠲᠢᠩᠬᠢᠮ ᠤᠨ ᠠᠶᠦᠯᠬᠦᠢ ᠦᠶᠯᠡᠳᠪᠦᠷᠢᠯᠡᠯ ᠤᠨ ᠵᠥᠪᠯᠡᠯ ᠤᠨ ᠠᠵᠢᠯ ᠤᠨ ᠲᠦᠷᠢᠮ﹀ ᠪᠠ ︿ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠦᠯᠬᠦᠢ ᠦᠶᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠵᠠᠮ ᠬᠠᠷᠢᠯᠴᠠᠭ᠎ᠠ ᠲᠡᠭᠡᠭᠡᠪᠦᠷᠢ ᠲᠠᠷᠬᠠᠭᠠᠭᠰᠠᠨ ﹇2019﹈ 659 ᠳ᠋ᠦ᠋ᠭᠡᠷ ᠲᠣᠭᠠᠲᠤ ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ ᠃     ᠳᠠᠭᠠᠯᠳᠤᠭᠤᠯᠤᠯ᠄ 1. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠤᠯᠬᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ  ᠤ ᠭᠤᠶᠤᠴᠢᠯᠠᠯ ᠤᠨ ᠬᠦᠰᠦᠨᠦᠭᠲᠦ .docx    2. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠤᠯᠬᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠪᠠᠲᠤᠯᠠᠨ ᠲᠠᠨᠢᠯᠴᠠᠭᠤᠯᠤᠭᠰᠠᠨ ᠬᠤᠷᠢᠶᠠᠩᠭᠤᠶ ᠬᠦᠰᠦᠨᠦᠭᠲᠦ  ︵ᠠᠩᠬᠠᠨ ᠤ ᠬᠢᠨᠠᠯᠲᠠ︶ . docx     3. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠤᠯᠬᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠪᠠᠲᠤᠯᠠᠨ ᠲᠠᠨᠢᠯᠴᠠᠭᠤᠯᠤᠭᠰᠠᠨ ᠬᠤᠷᠢᠶᠠᠩᠭᠤᠶ ᠬᠦᠰᠦᠨᠦᠭᠲᠦ  ︵ᠳᠠᠬᠢᠨ ᠬᠢᠨᠠᠯᠲᠠ︶ . docx     4. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠬᠠᠶ ᠮᠡᠷᠭᠡᠵᠢᠯᠲᠡᠨ ᠤᠷᠢᠬᠤ ᠶᠢ ᠬᠢᠨᠠᠨ ᠵᠥᠪᠰᠢᠶᠡᠷᠡᠬᠦ ᠬᠦᠰᠦᠨᠦᠭᠲᠦ .docx    5. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠣᠮᠢᠯᠠᠭᠰᠠᠨ ᠲᠤᠰᠬᠠᠶ ᠮᠡᠷᠭᠡᠵᠢᠯᠲᠡᠨ ᠤ ᠵᠠᠷᠤᠳᠠᠯ ᠢ ᠬᠢᠨᠠᠨ ᠵᠥᠪᠰᠢᠶᠡᠷᠡᠬᠦ ᠬᠦᠰᠦᠨᠦᠭᠲᠦ .docx
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号