ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠲᠥᠪ ᠤᠨ ᠨᠠᠶᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ 2025 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠪᠠᠷ ᠰᠤᠷᠤᠯᠴᠠᠵᠤ ᠰᠤᠳᠤᠯᠤᠨ ᠶᠠᠷᠢᠯᠴᠠᠪᠠ
ᠨᠡᠶᠢᠲᠡᠯᠡᠭᠰᠡᠨ ᠴᠠᠭ᠄
2025/4/15
   4 ᠳ᠋ᠦ᠋ᠭᠡᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ  ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠳᠡᠭᠡᠷ᠎ᠡ ︽ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠲᠤᠬᠠᠶ ᠠᠷᠪᠠᠨ ᠨᠠᠶᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠨᠠᠶᠮᠠᠨ ᠵᠤᠷᠪᠤᠰ ᠲᠣᠭᠲᠠᠭᠠᠯ︾᠂ ︽︿ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠲᠤᠬᠠᠶ ᠠᠷᠪᠠᠨ ᠨᠠᠶᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ  ᠤ ᠨᠠᠶᠮᠠᠨ ᠵᠤᠷᠪᠤᠰ ᠲᠣᠭᠲᠠᠭᠠᠯ﹀ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠨᠠᠷᠢᠨ ᠲᠦᠷᠢᠮ︾ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠬᠦᠷ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠤᠯᠠᠮᠵᠢᠯᠠᠨ ᠰᠤᠷᠤᠯᠴᠠᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ  ᠤᠨ ᠭᠡᠰᠢᠭᠦᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃      ᠭᠤᠤ ᠱᠢ ᠴᠢᠨ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ᠂ ᠲᠤᠰᠬᠠᠢ ᠰᠡᠳᠦᠪᠲᠦ ᠨᠠᠮ ᠤᠨ ᠬᠢᠴᠢᠶᠡᠯ᠂ ᠨᠣᠮ ᠤᠩᠰᠢᠬᠤ ᠠᠩᠬᠢ ᠵᠡᠷᠭᠡ ᠬᠡᠯᠪᠡᠷᠢ ᠶᠢ ᠰᠠᠶᠢᠲᠤᠷ ᠠᠰᠢᠭᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠰᠤᠷᠤᠯᠴᠠᠬᠤ ᠪᠠᠷ ᠲᠠᠮᠵᠢᠨ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠬᠢᠨᠠᠨ ᠪᠤᠳᠤᠬᠤ ᠬᠢᠨᠠᠯᠲᠠ ᠲᠠᠯᠪᠢᠬᠤ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ᠂ ᠱᠠᠯᠠᠪᠳᠠᠭᠤᠯᠤᠨ ᠪᠠᠶᠢᠴᠠᠭᠠᠬᠤ᠂ ᠪᠠᠶᠢᠴᠠᠭᠠᠨ ᠰᠤᠳᠤᠯᠬᠤ᠂ ᠵᠠᠬᠢᠳᠠᠯ ᠰᠤᠷᠪᠤᠯᠵᠢᠯᠠᠭ᠎ᠠ ᠪᠠᠷ ᠲᠤᠰᠬᠠᠬᠤ ᠵᠡᠷᠭᠡ ᠠᠷᠭ᠎ᠠ ᠵᠠᠮ ᠢᠶᠠᠷ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ  ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠢ ᠪᠠᠶᠢᠴᠠᠭᠠᠨ ᠡᠷᠢᠬᠦ ᠬᠡᠷᠡᠭᠲᠡᠢ᠃ ᠲᠦᠷᠢᠮ ᠲᠣᠭᠲᠠᠴᠠ ᠶᠢᠨ ᠲᠠᠯ᠎ᠠ ᠠᠴᠠ ᠰᠢᠯᠲᠠᠭᠠᠨ ᠢ ᠡᠷᠢᠬᠦ᠂ ᠳᠤᠲᠠᠭᠳᠠᠯ ᠢ ᠨᠥᠬᠦᠪᠥᠷᠢᠯᠡᠬᠦ ᠶᠢ ᠴᠢᠬᠤᠯᠠᠴᠢᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢᠨ ᠬᠠᠲᠠᠭᠤ ᠬᠢᠵᠠᠭᠠᠷᠯᠠᠯ ᠢᠶᠠᠷ ᠦᠨᠡᠨ ᠪᠣᠳᠠᠲᠠᠢ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ 12328᠂ 12345 ᠬᠠᠯᠠᠮᠰᠢᠯ ᠤᠲᠠᠰᠤ ᠶᠢᠨ ᠠᠷᠭ᠎ᠠ ᠵᠠᠮ ᠢ ᠰᠠᠶᠢᠲᠤᠷ ᠠᠰᠢᠭᠯᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤ ᠨᠢ ᠬᠠᠷᠢᠭᠤᠯᠲᠠ ᠥᠭᠴᠦ᠂ ᠲᠢᠩᠬᠢᠮ ᠤᠨ ᠤᠳᠤᠷᠢᠳᠤᠯᠭ᠎ᠠ ᠰᠤᠷᠪᠤᠯᠵᠢᠯᠠᠯ ᠢ ᠭᠥᠯᠢᠶᠡᠨ ᠠᠪᠬᠤ᠂ ᠪᠣᠯᠵᠣᠨ ᠰᠤᠷᠪᠤᠯᠵᠢᠯᠠᠬᠤ᠂ ᠳᠣᠷᠣᠭᠰᠢ ᠪᠠᠭᠤᠵᠤ ᠰᠤᠷᠪᠤᠯᠵᠢᠯᠠᠬᠤ ᠵᠡᠷᠭᠡ ᠠᠵᠢᠯ ᠢᠶᠠᠷ ᠳᠠᠮᠵᠢᠭᠤᠯᠤᠨ᠂ ᠬᠡᠷᠡᠭ ᠢ ᠳᠠᠭᠠᠭᠠᠴᠢᠯᠠᠨ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠰᠢᠶᠳᠪᠦᠷᠢᠯᠡᠵᠦ᠂ ᠡᠭᠦᠳᠡ ᠪᠠᠨ ᠨᠡᠭᠡᠭᠡᠬᠦ ᠬᠥᠮᠦᠵᠢᠯ ᠢᠶᠠᠷ ᠳᠠᠮᠵᠢᠭᠤᠯᠤᠨ ᠣᠯᠠᠨ ᠲᠦᠮᠡᠨ ᠳᠤ ᠣᠶᠢᠯᠠᠭᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号