︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠎ᠠ — ᠥᠪᠥᠷ ᠮᠣᠩᠭᠤᠯ ᠤᠨ ᠨᠢᠭᠡᠳᠦᠭᠡᠷ ᠤᠯᠠᠷᠢᠯ  ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2025/4/17
   ᠨᠢᠭᠡᠳᠦᠭᠡᠷ ᠤᠯᠠᠷᠢᠯ ᠳᠤ᠂ ᠥᠪᠥᠷ ᠮᠣᠩᠭᠤᠯ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠭᠲᠠᠮᠠᠯ ᠬᠥᠷᠥᠩᠭᠡ  ᠶᠢᠨ ᠪᠠᠯᠠ ᠣᠷᠣᠭᠤᠯᠤᠯᠲᠠ ᠶᠢ 37.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ  ᠠᠴᠠ 7.5% ᠪᠠᠷ ᠨᠡᠮᠡᠭᠳᠡᠪᠡ᠃     110 ᠤᠯᠤᠰ ᠤᠨ ᠵᠠᠮ ᠤᠨ ᠬᠤᠶᠠᠷ ᠮᠣᠳᠣ ᠠᠴᠠ ᠳ᠋ᠧᠩᠺᠸᠤ ᠬᠥᠷᠬᠦ᠂ S29 ᠬᠥᠬᠡᠬᠤᠲᠠ ᠠᠴᠠ ᠯᠢᠶᠠᠩᠴᠧᠩ ᠬᠥᠷᠬᠦ ᠳᠡᠭᠡᠳᠤ ᠬᠤᠷᠳᠤ ᠶᠢᠨ ᠵᠠᠰᠠᠮᠠᠯ ᠵᠠᠮ᠂ G5511 ᠡᠷᠢᠶᠡᠨ ᠠᠴᠠ ᠭᠤᠸᠠᠩᠵᠧᠦ ᠬᠥᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ ᠠᠷᠤᠨ ᠬᠥᠷᠬᠦ ᠬᠤᠯᠪᠣᠭᠠᠨ ᠤ ᠱᠤᠭᠤᠮ ᠤᠨ ᠴᠠᠪᠢᠨᠲᠠᠯ᠎ᠠ ᠠᠴᠠ ᠰᠣᠭᠤᠳᠤ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠵᠡᠷᠭᠡ ᠨᠢᠭᠡ ᠪᠦᠯᠦᠭ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠢ ᠶᠠᠭ ᠱᠠᠯᠠᠪᠳᠠᠨ ᠪᠠᠷᠢᠵᠤ᠂ ᠠᠬᠢᠴᠠ ᠶᠢ ᠵᠠᠪᠳᠤᠨ ᠠᠳᠬᠤᠵᠤ ᠪᠠᠶᠢᠨ᠎ᠠ᠃
20250417-1.jpg
    110 ᠤᠯᠤᠰ ᠤᠨ ᠵᠠᠮ ᠤᠨ ᠳ᠋ᠧᠩᠺᠸᠤ ᠶᠢᠨ ᠬᠠᠳᠤᠨ ᠭᠤᠣᠯ ᠤᠨ ᠣᠨᠴᠠ ᠶᠡᠭᠡ ᠬᠥᠭᠦᠷᠭᠡ ᠶᠢᠨ ᠪᠠᠷᠢᠯᠭ᠎ᠠ  ᠶᠢᠨ ᠲᠤᠬᠠᠢ ᠶᠢᠨ ᠲᠠᠯᠠᠪᠠᠢ
20250417-2.jpg
    110 ᠤᠯᠤᠰ ᠤᠨ ᠵᠠᠮ ᠤᠨ ᠬᠤᠶᠠᠷ ᠮᠣᠳᠣ ᠠᠴᠠ ᠳ᠋ᠧᠩᠺᠸᠤ ᠬᠦᠷᠬᠦ ᠬᠡᠰᠡᠭ ᠤᠨ ᠵᠠᠮ ᠤᠨ ᠰᠠᠭᠤᠷᠢ ᠪᠠᠷᠢᠯᠭ᠎ᠠ ᠶᠢᠨ ᠲᠤᠬᠠᠢ ᠶᠢᠨ ᠲᠠᠯᠠᠪᠠᠢ 
20250417-3.jpg
    G 5511 ᠴᠠᠪᠢᠨᠲᠠᠯ᠎ᠠ ᠠᠴᠠ ᠰᠤᠭᠤᠳᠤ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠬᠥᠭᠦᠷᠭᠡ ᠶᠢᠨ ᠪᠠᠷᠢᠯᠭ᠎ᠠ    ᠰᠢᠨ᠎ᠡ ᠪᠠᠷ ᠪᠠᠷᠢᠯᠭ᠎ᠠ ᠡᠬᠢᠯᠡᠭᠦᠯᠦᠭᠰᠡᠨ ᠲᠦᠷᠦᠯ ᠵᠦᠢᠯ S24 ᠰᠢᠩ ᠾᠧ ᠠᠴᠠ ᠪᠠᠯᠭᠤᠨ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠤᠤ ᠵᠢᠶᠦ᠋ᠨ ᠬᠠᠷᠢᠯᠴᠠᠨ ᠨᠡᠪᠲᠡᠷᠡᠯᠴᠡᠬᠦ ᠵᠠᠮ ᠢ ᠪᠦᠳᠦᠭᠡᠨ ᠪᠠᠶᠢᠭᠤᠯᠵᠤ ᠪᠠᠶᠢᠭ᠎ᠠ ᠲᠤᠬᠠᠢ ᠶᠢᠨ ᠲᠠᠯᠠᠪᠠᠢ ᠳᠤ᠂ ᠬᠦᠷ ᠬᠥᠭᠵᠢᠶᠡᠨ ᠢᠶᠠᠷ ᠪᠢᠯᠬᠠᠵᠤ᠂ ᠲᠤᠰ ᠲᠦᠷᠦᠯ ᠵᠦᠢᠯ ᠤᠨ ᠪᠠᠷᠢᠯᠭ᠎ᠠ ᠡᠬᠢᠯᠡᠮᠡᠭᠴᠡ ᠲᠦᠷᠭᠡᠳᠬᠡᠬᠦ ᠳᠠᠷᠤᠪᠴᠢ ᠶᠢ ᠳᠠᠷᠤᠪᠠ᠃
20250417-4.jpg
    ᠨᠠᠷᠠᠰᠤᠨ ᠠᠴᠠ ᠯᠥᠩ ᠺᠸᠦ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠤᠨ ᠨᠢᠭᠡᠳᠦᠭᠡᠷ ᠨᠢᠷᠤᠭᠤ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ ᠵᠢᠩᠬᠢᠨᠢ ᠪᠠᠷ ᠠᠰᠢᠭᠯᠠᠯᠲᠠ ᠳᠤ ᠣᠷᠣᠪᠠ 
20250417-5.jpg
    G1816 ᠦᠬᠠᠢ ᠠᠴᠠ ᠱᠢ ᠽᠦᠢ ᠱᠠᠨ ᠬᠦᠷᠬᠦ ᠲᠦᠷᠦᠯ ᠵᠦᠢᠯ ᠤᠨ ᠨᠢᠷᠤᠭᠤ ᠬᠠᠪᠲᠠᠰᠤ ᠶᠢ ᠠᠷᠠᠴᠢᠯᠠᠨ ᠬᠠᠮᠠᠭᠠᠯᠠᠵᠤ ᠪᠠᠶᠢᠭ᠎ᠠ ᠨᠢ    ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠲᠡᠮᠦᠷ ᠵᠠᠮ ᠪᠠ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠴᠤ ᠬᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃ ᠪᠤᠭᠤᠲᠤ ᠠᠴᠠ ᠢᠷᠭᠠᠢ ᠬᠦᠷᠬᠦ ᠳᠡᠭᠡᠳᠤ ᠬᠤᠷᠳᠤ ᠶᠢᠨ ᠲᠡᠮᠦᠷ ᠵᠠᠮ ᠤᠨ ᠭᠠᠨᠳᠠᠷᠢ ᠠᠭᠤᠯᠠ ᠶᠢᠨ ᠨᠦᠬᠡᠨ ᠵᠠᠮ ᠤᠨ ᠭᠤᠣᠯ ᠴᠣᠭᠴᠠ  ᠶᠢᠨ ᠪᠠᠷᠢᠯᠭ᠎ᠠ ᠶᠢ ᠪᠦᠬᠦᠨ ᠢ ᠳᠠᠭᠤᠰᠬᠠᠵᠤ᠂ ᠪᠢᠨᠵᠸᠦ ᠶᠢᠨ ᠲᠡᠮᠦᠷ ᠵᠠᠮ ᠤᠨ ᠪᠤᠭᠤᠲᠤ ᠠᠴᠠ ᠰᠢ ᠯᠢᠩ ᠺᠧᠤ ᠬᠦᠷᠬᠦ ᠬᠡᠰᠡᠭ ᠤᠨ ᠬᠥᠲᠥᠯ ᠤᠨ ᠱᠤᠭᠤᠮ ᠢ ᠥᠭᠡᠷᠡᠴᠢᠯᠡᠬᠦ ᠪᠠᠷᠢᠯᠭ᠎ᠠ᠂ ᠲᠠᠢ ᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠲᠥᠷᠥᠯ ᠵᠦᠢᠯ ᠢ ᠪᠦᠬᠦᠨ ᠢ ᠰᠡᠷᠭᠦᠭᠡᠪᠡ︔ ᠬᠥᠬᠡᠬᠤᠲᠠ ᠶᠢᠨ ᠱᠧᠩ ᠯᠧ ᠣᠯᠠᠨ ᠤᠯᠤᠰ  ᠤᠨ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ᠂ ᠠᠵᠢᠯᠯᠠᠬᠤ ᠲᠣᠭᠤᠷᠢᠭ ᠤᠨ ᠪᠣᠶ ᠪᠥᠬᠦᠶ ᠪᠠᠷᠢᠯᠭ᠎ᠠ ᠶᠢᠨ ᠭᠤᠤᠯ ᠴᠣᠭᠴᠠ ᠶᠢᠨ ᠪᠦᠲᠦᠴᠡ ᠶᠢ ᠨᠢᠭᠡᠨᠲᠡ ᠳᠠᠭᠤᠰᠬᠠᠵᠤ᠂ ᠵᠠᠰᠠᠵᠤ ᠴᠢᠮᠡᠭᠯᠡᠬᠦ ᠪᠠ ᠲᠣᠨᠤᠭ ᠲᠥᠬᠦᠭᠡᠷᠦᠮᠵᠢ ᠤᠭᠰᠠᠷᠠᠬᠤ ᠠᠵᠢᠯ ᠢ ᠨᠢᠭᠡᠨᠲᠡ 95% ᠪᠠᠷ ᠪᠡᠶᠡᠯᠡᠭᠦᠯᠪᠡ︔ ᠠᠯᠠᠱᠠ ᠵᠡᠭᠦᠨ ᠬᠤᠰᠢᠭᠤᠨ ᠤ ᠠᠵᠢᠯ ᠳᠤ ᠭᠠᠷᠬᠤ ᠨᠢᠰᠬᠡᠯ ᠤᠨ ᠪᠠᠭᠤᠳᠠᠯ ᠪᠣᠯᠤᠨ ᠠᠰᠬᠠᠲᠤ᠂ ᠤᠯᠠᠭᠠᠨᠪᠤᠳᠤᠩ ᠤᠨ ᠨᠡᠶᠢᠳᠡᠮ ᠬᠡᠷᠡᠭᠯᠡᠬᠦ ᠨᠢᠰᠬᠡᠯ  ᠤᠨ ᠪᠠᠭᠤᠳᠠᠯ ᠨᠢᠭᠡᠨᠲᠡ ᠠᠵᠢᠯ ᠢᠶᠠᠨ ᠰᠡᠷᠭᠦᠭᠡᠪᠡ᠃
20250417-6.jpg
    ᠪᠠᠶᠠᠨᠴᠠᠭᠠᠨ ᠠᠴᠠ ᠶᠦᠩ ᠲᠠᠢ ᠭᠥᠩ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠶᠦᠩ ᠱᠧᠩ ᠲᠠᠩ ᠦᠶᠯᠡᠴᠢᠯᠡᠭᠡᠨ ᠤ ᠲᠣᠭᠤᠷᠢᠭ ᠤᠨ ᠭᠠᠳᠠᠷᠭᠤ ᠶᠢ ᠠᠷᠢᠯᠭᠠᠬᠤ ᠠᠵᠢᠯ ᠬᠢᠵᠦ ᠪᠠᠶᠢᠭ᠎ᠠ ᠨᠢ
20250417-7.jpg
   ᠲᠠᠢ ᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠪᠠᠷᠢᠯᠭ᠎ᠠ ᠶᠢᠨ ᠲᠣᠬᠠᠢ ᠶᠢᠨ ᠲᠠᠯᠠᠪᠠᠢ
20250417-8.jpg
    ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠠᠰᠠᠷ ᠤᠨ ᠳᠣᠲᠣᠷᠠᠬᠢ ᠶᠢ ᠵᠠᠰᠠᠵᠤ ᠴᠢᠮᠡᠭᠯᠡᠬᠦ ᠠᠵᠢᠯ ᠢ ᠬᠢᠵᠦ ᠪᠠᠶᠢᠭ᠎ᠠ ᠨᠢ    ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠶᠢᠨ ᠴᠢᠬᠤᠯᠠ ᠶᠡᠭᠡ ᠲᠥᠷᠥᠯ ᠵᠦᠶᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠨ᠂ ᠠᠬᠢᠭᠤᠯᠬᠤ ᠲᠥᠯᠥᠪᠯᠡᠭᠡ ᠶᠢ ᠲᠣᠳᠣᠷᠬᠠᠶᠢᠯᠠᠵᠤ᠂ ᠬᠦᠴᠦᠨ ᠵᠦᠶᠯ ᠤᠨ ᠪᠠᠲᠤᠯᠠᠭ᠎ᠠ ᠶᠢ ᠴᠢᠩᠭᠠᠳᠬᠠᠨ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠵᠠᠳᠠᠯᠵᠤ᠂ ᠰᠢᠶᠳᠪᠦᠷᠢᠯᠡᠬᠦ ᠲᠥᠰᠦᠯ ᠢ ᠳᠤᠷᠠᠳᠴᠤ᠂ ᠵᠠᠮ ᠬᠠᠷᠢᠯᠴᠠᠭᠠᠨ ᠤ ᠴᠢᠬᠤᠯᠠ ᠶᠡᠭᠡ 72 ᠲᠥᠷᠥᠯ ᠵᠦᠶᠯ ᠢ ᠲᠣᠪᠣᠶᠢᠮ᠎ᠠ ᠰᠠᠶᠢᠲᠤᠷ ᠠᠳᠬᠤᠵᠤ᠂ ᠲᠥᠷᠥᠯ ᠵᠦᠶᠯ ᠤᠨ ᠲᠦᠷᠭᠡᠨ ᠪᠥᠲᠥᠭᠡᠨ ᠪᠠᠶᠢᠭᠤᠯᠤᠯᠲᠠ᠂ ᠲᠦᠷᠭᠡᠨ ᠪᠠᠷᠢᠯᠭ᠎ᠠ ᠳᠠᠭᠤᠰᠬᠤ ᠳᠤ ᠬᠦᠴᠦᠨ ᠨᠡᠮᠡᠷᠢᠯᠡᠪᠡ᠃ ᠡᠭᠦᠨ ᠤ ᠬᠠᠮᠲᠤ᠂ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠤᠯᠤᠰ ᠤᠨ ᠲᠥᠯᠥᠪᠵᠢᠭᠦᠯᠭᠡ ᠳᠤ ᠣᠷᠣᠭᠤᠯᠬᠤ ᠪᠠᠷ ᠢᠳᠡᠪᠬᠢᠯᠡᠨ ᠴᠢᠷᠮᠠᠶᠢᠵᠤ᠂ ︽ᠨᠢᠭᠡ ᠪᠦᠯᠦᠭ ᠢ ᠪᠥᠳᠥᠭᠡᠨ ᠪᠠᠶᠢᠭᠤᠯᠵᠤ᠂ ᠨᠢᠭᠡ ᠪᠦᠯᠦᠭ ᠢ ᠠᠵᠢᠯ ᠡᠬᠢᠯᠡᠭᠦᠯᠵᠦ᠂ ᠨᠢᠭᠡ ᠪᠦᠯᠦᠭ ᠢ ᠨᠦᠬᠡᠴᠡᠯᠡᠵᠦ᠂ ᠨᠢᠭᠡ ᠪᠦᠯᠦᠭ ᠢ ᠲᠥᠯᠥᠪᠵᠢᠭᠦᠯᠭᠡ ᠳᠤ ᠣᠷᠣᠭᠤᠯᠬᠤ︾ ᠰᠠᠶᠢᠨ ᠣᠷᠴᠢᠯ ᠢ ᠪᠤᠢ ᠪᠣᠯᠭᠠᠬᠤ ᠶᠢ ᠲᠥᠯᠬᠢᠨ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号