| | ᠣᠶᠢᠷ᠎ᠠ ᠳᠤ᠂ ᠠᠯᠠᠱᠠ ᠠᠶᠢᠮᠠᠭ ᠤᠨ ᠬᠤᠶᠢᠲᠤ ᠢᠩᠭᠡᠨ ᠠᠴᠠ ᠢᠩᠭᠡᠨ ᠬᠥᠷᠬᠦ ᠵᠠᠰᠠᠮᠠᠯ ᠵᠠᠮ ᠢ ᠠᠷᠠᠴᠢᠯᠠᠨ | ᠬᠠᠮᠠᠭᠠᠯᠠᠬᠤ ᠲᠥᠷᠥᠯ ᠵᠦᠢᠯ ᠵᠢᠩᠬᠢᠨᠢ ᠪᠠᠷ ᠠᠵᠢᠯ ᠢᠶᠠᠨ ᠰᠡᠷᠭᠦᠭᠡᠪᠡ᠃ | ᠬᠤᠶᠢᠲᠤ ᠢᠩᠭᠡᠨ ᠠᠴᠠ ᠢᠩᠭᠡᠨ ᠬᠥᠷᠬᠦ ᠵᠠᠰᠠᠮᠠᠯ ᠵᠠᠮ ᠨᠢ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ | ᠬᠤᠶᠢᠲᠤ ᠬᠡᠰᠡᠭ ᠤᠨ ᠢᠩᠭᠡᠨ ᠰᠤᠮᠤ ᠳᠤ ᠪᠠᠶᠢᠷᠢᠯᠠᠵᠤ᠂ ᠮᠣᠩᠭᠤᠯ ᠤᠯᠤᠰ ᠲᠠᠢ ᠬᠢᠯᠢ ᠨᠡᠶᠢᠯᠡᠵᠦ᠂ ᠤᠤᠯ ᠨᠢ | ᠳᠥᠷᠪᠡᠳᠦᠭᠡᠷ ᠳᠡᠰ ᠤᠨ ᠬᠠᠶᠢᠷ ᠴᠢᠯᠠᠭᠤᠨ ᠵᠠᠮ ᠪᠠᠶᠢᠵᠤ᠂ ᠪᠥᠬᠦ ᠣᠷᠳᠣ ᠨᠢ 93 ᠺᠢᠯᠦᠮᠧᠲᠷ ᠪᠠᠶᠢᠵᠤ᠂ | ᠲᠤᠬᠠᠶ ᠶᠢᠨ ᠭᠠᠵᠠᠷ ᠤᠨ ᠣᠯᠠᠨ ᠲᠦᠮᠡᠨ ᠤ ᠭᠠᠳᠠᠭᠠᠳᠤ ᠲᠠᠢ ᠬᠠᠷᠢᠯᠴᠠᠬᠤ ᠴᠢᠬᠤᠯᠠ ᠵᠠᠮ ᠪᠣᠯᠤᠨ᠎ᠠ᠃ 2024 | ᠣᠨ ᠤ 6 ᠳ᠋ᠤᠭᠠᠷ ᠰᠠᠷ᠎ᠠ ᠳᠤ᠂ ᠲᠣᠰ ᠠᠷᠠᠴᠢᠯᠠᠨ ᠬᠠᠮᠠᠭᠠᠯᠠᠬᠤ ᠲᠥᠷᠥᠯ ᠵᠦᠢᠯ ᠢ ᠠᠵᠢᠯ ᠡᠬᠢᠯᠡᠭᠦᠯᠵᠦ᠂ | ᠳᠥᠷᠪᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠤᠨ᠎ᠠ᠃ | ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠠᠯᠠᠱᠠ ᠵᠡᠭᠦᠨ ᠬᠤᠰᠢᠭᠤᠨ ᠤ ᠬᠢᠯᠢ ᠶᠢᠨ ᠵᠠᠰᠠᠮᠠᠯ | ᠵᠠᠮ ᠤᠨ ᠲᠣᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠮ ᠳᠠᠭᠠᠤ ᠶᠢᠨ ᠣᠯᠠᠨ ᠲᠦᠮᠡᠨ ᠤ ᠶᠠᠪᠤᠵᠤ | ᠰᠠᠭᠤᠬᠤ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠬᠢᠯᠢ ᠬᠢᠵᠠᠭᠠᠷ ᠣᠷᠣᠨ ᠤ ᠠᠵᠤ ᠠᠬᠤᠶ ᠶᠢᠨ ᠬᠥᠭᠵᠢᠯᠲᠡ | ᠪᠠ ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠷᠬᠡᠭ ᠶᠡᠭᠡ ᠵᠠᠮ ᠬᠠᠷᠢᠯᠴᠠᠭᠠᠨ ᠤ ᠬᠥᠳᠡᠯᠭᠡᠬᠦ ᠬᠦᠴᠦᠨ | ᠨᠡᠮᠡᠷᠢᠯᠡᠨ᠎ᠡ᠃ ︵ᠵᠧᠩ ᠱᠤ᠋ ᠵᠢᠤᠸᠠᠨ︶ |