ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ᠰᠢᠯᠢ ᠶᠢᠨ ᠭᠤᠤᠯ ᠠᠶᠢᠮᠠᠭ ᠤᠨ ᠵᠠᠮ ᠬᠠᠷᠢᠯᠴᠠᠭᠠᠨ | ᠤ ᠲᠣᠪᠴᠢᠶ᠎ᠠ᠂ ᠥᠪᠥᠷ ᠮᠣᠩᠭᠤᠯ ᠤᠨ ᠵᠠᠮ ᠬᠥᠭᠦᠷᠭᠡ ᠶᠢᠨ ᠪᠦᠯᠦᠭᠯᠡᠯ᠂ S22 ᠪᠠᠶᠠᠨᠴᠠᠭᠠᠨ ᠠᠴᠠ ᠶᠦᠩ ᠲᠠᠢ | ᠭᠦᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ᠂ S26 ᠨᠠᠷᠠᠰᠤᠨ ᠠᠴᠠ ᠯᠦᠩ ᠺᠸᠦ ᠬᠦᠷᠬᠦ ᠳᠡᠭᠡᠳᠦ ᠬᠤᠷᠳᠤ | ᠶᠢᠨ ᠵᠠᠰᠠᠮᠠᠯ ᠵᠠᠮ᠂ S29 ᠬᠥᠬᠡᠬᠤᠲᠠ ᠠᠴᠠ ᠯᠢᠶᠠᠩᠴᠧᠩ ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ᠂ | ᠴᠠᠪᠢᠨᠲᠠᠯ᠎ᠠ ᠠᠴᠠ ᠰᠤᠭᠤᠲᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠳᠤ ︽ᠲᠤᠰᠬᠠᠶ ᠮᠡᠷᠭᠡᠵᠢᠯᠲᠡᠨ ᠬᠦᠷᠭᠡᠬᠦ᠂ | ᠮᠡᠷᠭᠡᠵᠢᠯ ᠬᠦᠷᠭᠡᠬᠦ᠂ ᠦᠶᠯᠡᠴᠢᠯᠡᠭᠡ ᠬᠦᠷᠭᠡᠬᠦ︾ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠶᠠᠰᠤ ᠴᠢᠨᠠᠷ | ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ | ᠠᠶᠢᠮᠠᠭ ᠬᠤᠲᠠ᠂ ᠬᠤᠰᠢᠭᠤ ᠰᠢᠶᠠᠨ᠂ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠲᠥᠷᠥᠯ | ᠵᠦᠶᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠨᠢᠭᠡᠴᠢ ᠶᠢᠨ ᠪᠠᠷᠤᠭ 600 ᠬᠥᠮᠦᠨ ᠤᠳᠠᠭ᠎ᠠ | ᠠᠵᠢᠯᠯᠠᠭ᠎ᠠ ᠳᠤ ᠣᠷᠣᠯᠴᠠᠵᠠᠶ᠃ | ᠠᠵᠢᠯᠯᠠᠭ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ᠶᠢᠨ ᠬᠠᠮᠢᠶ᠎ᠠ ᠪᠥᠬᠦᠶ ᠬᠥᠮᠦᠰ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠦᠨᠳᠦᠰᠦᠨ ᠠᠴᠠ ᠨᠢ ᠵᠠᠰᠠᠵᠤ ᠪᠣᠭᠤᠮᠲᠠ | ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠬᠦᠨᠳᠦ ᠶᠡᠭᠡ ᠲᠦᠭᠰᠢᠭᠦᠷᠢ᠂ ᠬᠦᠨᠳᠦ ᠶᠡᠭᠡ ᠠᠮᠤᠷ ᠲᠦᠪᠰᠢᠨ ᠤ | ᠠᠳᠡᠯ ᠤᠨ ᠬᠡᠮ ᠰᠣᠭᠤᠭ ᠢ ᠮᠠᠭᠠᠳᠯᠠᠨ ᠲᠣᠭᠲᠠᠭᠠᠬᠤ ᠵᠢᠴᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ | 2025 ᠣᠨ ᠤ ᠨᠦᠬᠡᠨ ᠵᠠᠮ ᠵᠢᠴᠢ ᠭᠠᠮᠰᠢᠭ ᠢ ᠰᠡᠷᠭᠡᠶᠢᠯᠡᠬᠦ ᠲᠤᠰᠬᠠᠶ ᠠᠵᠢᠯᠯᠠᠭ᠎ᠠ ᠶᠢᠨ ᠬᠠᠮᠢᠶ᠎ᠠ ᠪᠥᠬᠦᠶ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠪᠠ ᠬᠠᠷᠠᠯᠲᠠ ᠳᠤ ᠨᠠᠷᠢᠨ ᠲᠠᠶᠢᠯᠤᠮᠵᠢ ᠬᠢᠪᠠ︔ ᠣᠶᠢᠷ᠎ᠠ ᠶᠢᠨ ᠵᠢᠯ ᠤᠨ ᠲᠤᠷᠰᠢᠬᠢ | ᠪᠦᠬᠦ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠶᠠᠰᠤ ᠴᠢᠨᠠᠷ | ᠤᠨ ᠠᠰᠠᠭᠤᠳᠠᠯ ᠳᠤ ᠨᠠᠷᠢᠨ ᠲᠠᠶᠢᠯᠤᠮᠵᠢ ᠬᠢᠬᠦ ᠶᠢᠨ ᠬᠠᠮᠲᠤ ᠪᠣᠳᠠᠲᠠᠶ ᠰᠢᠯᠲᠠᠭᠠᠨ ᠵᠢᠴᠢ ᠰᠢᠶᠳᠪᠦᠷᠢᠯᠡᠬᠦ ᠠᠷᠭ᠎ᠠ ᠳᠤ | ᠵᠠᠳᠠᠯᠤᠯᠲᠠ ᠬᠢᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠨᠡᠶᠢᠲᠡᠯᠡᠭᠰᠡᠨ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠪᠠ︔ ᠣᠶᠢᠷ᠎ᠠ ᠶᠢᠨ ᠵᠢᠯ ᠤᠨ | ᠲᠤᠷᠰᠢᠬᠢ ᠪᠥᠬᠦ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠦᠶᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠥᠷᠥᠯ ᠬᠡᠯᠪᠡᠷᠢ᠂ ᠠᠳᠡᠯ ᠤᠨ ᠰᠢᠯᠲᠠᠭᠠᠨ᠂ ᠪᠠᠷᠢᠯᠭ᠎ᠠ ᠶᠢᠨ | ᠪᠥᠲᠥᠭᠡᠨ ᠪᠠᠶᠢᠭᠤᠯᠤᠯᠲᠠ ᠶᠢᠨ ᠭᠤᠤᠯ ᠲᠦᠭᠰᠢᠭᠦᠷᠢ ᠶᠢᠨ ᠴᠡᠭ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠶᠠᠰᠤ | ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠭᠤᠤᠯᠳᠠᠯᠭ᠎ᠠ ᠪᠠ ᠡᠭᠦᠷᠭᠡ ᠶᠢ ᠵᠢᠭᠠᠵᠤ ᠭᠠᠷᠭᠠᠪᠠ︔ ᠠᠮᠤᠷ | ᠠᠮᠤᠭᠤᠯᠠᠩ ᠪᠠᠷᠢᠯᠭ᠎ᠠ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠣᠳᠣᠷᠬᠠᠶᠢᠯᠠᠨ ᠥᠭᠦᠯᠡᠵᠦ᠂ | ᠠᠮᠤᠷ ᠠᠮᠤᠭᠤᠯᠠᠩ ᠪᠠᠷᠢᠯᠭ᠎ᠠ ᠶᠢᠨ ᠭᠠᠵᠠᠷ ᠤᠨ ᠬᠠᠮᠤᠭ ᠤᠨ ᠰᠢᠨ᠎ᠡ ᠡᠭᠦᠳᠦᠨ ᠪᠠᠶᠢᠭᠤᠯᠬᠤ ᠠᠵᠢᠯ ᠤᠨ | ᠱᠠᠭᠠᠷᠳᠠᠯᠭ᠎ᠠ ᠳᠤ ᠲᠠᠶᠢᠯᠤᠮᠵᠢ ᠬᠢᠵᠦ᠂ ᠪᠥᠬᠦ ᠣᠷᠣᠨ ᠤ ᠠᠮᠤᠷ ᠠᠮᠤᠭᠤᠯᠠᠩ ᠪᠠᠷᠢᠯᠭ᠎ᠠ ᠶᠢᠨ ᠭᠠᠵᠠᠷ ᠢ ᠡᠭᠦᠳᠦᠨ | ᠪᠠᠶᠢᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠬᠤ ᠶᠢᠨ ᠬᠠᠮᠲᠤ ᠲᠠᠷᠠᠭᠠᠴᠢ ᠶᠢᠨ ᠱᠠᠲᠤᠨ ᠤ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠤᠨ ᠡᠯ᠎ᠡ ᠡᠭᠦᠳᠦᠨ ᠪᠠᠶᠢᠭᠤᠯᠬᠤ ᠭᠤᠤᠯ ᠴᠣᠭᠴᠠ ᠶᠢᠨ ᠴᠢᠷᠮᠠᠶᠢᠬᠤ | ᠭᠤᠤᠯᠳᠠᠯᠭ᠎ᠠ ᠪᠠ ᠴᠢᠭᠯᠡᠯ ᠢ ᠲᠣᠳᠣᠷᠬᠠᠶᠢᠯᠠᠪᠠ᠃ | ︽ᠭᠤᠷᠪᠠ ᠶᠢ ᠬᠦᠷᠭᠡᠬᠦ︾ ᠠᠵᠢᠯᠯᠠᠭ᠎ᠠ ᠨᠢ ᠠᠶᠢᠮᠠᠭ ᠬᠤᠲᠠ᠂ ᠬᠤᠰᠢᠭᠤ ᠰᠢᠶᠠᠨ ᠪᠣᠯᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠳᠤ ᠴᠢᠭᠯᠡᠭᠦᠯᠬᠦ ᠴᠢᠨᠠᠷᠲᠠᠶ ᠮᠡᠷᠭᠡᠵᠢᠯ ᠤᠨ ᠵᠢᠯᠣᠭᠤᠳᠣᠯᠭ᠎ᠠ ᠬᠠᠩᠭᠠᠵᠤ᠂ ᠶᠠᠰᠤ | ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠬᠦᠴᠢᠷ ᠠᠰᠠᠭᠤᠳᠠᠯ | ᠢ ᠰᠢᠶᠳᠪᠦᠷᠢᠯᠡᠬᠦ ᠳᠤ ᠠᠰᠢᠭᠲᠠᠶ ᠪᠠᠶᠢᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠳᠤ ᠠᠰᠢᠭᠲᠠᠶ ᠪᠠᠶᠢᠳᠠᠭ᠃ ᠲᠣᠰ ᠥᠷᠲᠡᠭᠡᠨ ᠤ | ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠬᠤᠶᠢᠰᠢᠳᠠ ᠲᠤᠬᠠᠶ ᠶᠢᠨ ᠲᠠᠯᠠᠪᠤᠷ ᠲᠤ ᠬᠠᠪᠰᠤᠷᠤᠨ ᠲᠡᠳᠬᠦᠬᠦ ᠪᠠ | ᠵᠥᠪᠯᠡᠯᠭᠡ ᠥᠭᠬᠦ ᠦᠶᠯᠡᠴᠢᠯᠡᠭᠡ ᠶᠢ ᠪᠠᠶᠢᠩᠭᠤ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠣᠷᠣᠨ ᠤ ᠵᠠᠰᠠᠮᠠᠯ ᠵᠠᠮ | ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠶᠠᠰᠤ ᠴᠢᠨᠠᠷ ᠤᠨ ᠠᠮᠤᠷ ᠲᠦᠪᠰᠢᠨ ᠤ | ᠬᠥᠭᠵᠢᠯᠲᠡ ᠳᠤ ᠪᠠᠲᠤ ᠴᠢᠩᠭ᠎ᠠ ᠮᠡᠷᠭᠡᠵᠢᠯ ᠤᠨ ᠳᠡᠮᠵᠢᠯᠭᠡ ᠬᠠᠩᠭᠠᠨ᠎ᠠ ᠭᠡᠵᠡᠶ᠃ |