ᠥᠪᠥᠷ ᠮᠣᠩᠭᠤᠯ ᠳᠤ ᠠᠩᠬᠠᠳᠠᠭᠴᠢ︕ ᠬᠤᠲᠠ ᠠᠯᠤᠰᠯᠠᠭᠰᠠᠨ ᠵᠠᠮ ᠤᠨ ᠰᠢᠯᠭᠠᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/4/22
    ᠣᠶᠢᠷ᠎ᠠ ᠳᠤ᠂ ᠠᠯᠢ ᠣᠯᠠᠨ ᠨᠠᠷᠢᠨ ᠨᠢᠭᠲᠠ ᠠᠮᠤᠷ ᠲᠦᠪᠰᠢᠨ ᠤ ᠪᠠᠶᠢᠴᠠᠭᠠᠯᠲᠠ ᠪᠠᠷ ᠳᠡᠮᠵᠢᠨ᠂ ᠨᠢᠭᠡ ᠵᠢᠯᠣᠭᠤᠴᠢ ᠺᠠᠷᠯ ᠤᠨ ᠬᠥᠳᠡᠯᠭᠡᠬᠦ ᠬᠦᠴᠦᠨ ᠤ L2 ᠳᠡᠰ ᠤᠨ ᠠᠶᠠᠯᠠᠯ ᠵᠠᠮᠴᠢᠯᠠᠬᠤ ᠲᠡᠷᠭᠡ ᠶᠢ ᠵᠢᠯᠣᠭᠤᠳᠴᠤ᠂ ᠨᠢᠭᠡᠨ L4 ᠳᠡᠰ ᠤᠨ ᠠᠦ᠋ᠲ᠋ᠣ᠋ ᠵᠢᠯᠣᠭᠤᠳᠬᠤ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠢ ᠬᠦᠲᠦᠯᠦᠨ ᠠᠯᠭᠤᠷᠬᠠᠨ ᠢᠶᠠᠷ ᠣᠷᠳᠣᠰ ᠬᠤᠲᠠ ᠶᠢᠨ ᠳ᠋ᠦᠩᠱᠧᠩ ᠤᠨ ᠸᠠᠨ ᠯᠢ ᠡᠬᠡ ᠬᠠᠭᠤᠷᠠᠶ ᠶᠢᠨ ᠭᠠᠷᠠᠮ ᠠᠴᠠ ᠭᠠᠷᠴᠤ᠂ 210 ᠤᠯᠤᠰ ᠤᠨ ᠵᠠᠮ᠂ G65 ᠪᠤᠭᠤᠲᠤ ᠠᠴᠠ ᠮᠣᠤᠮᠢᠩ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠬᠡᠰᠡᠭ᠂ ᠪᠤᠭᠤᠲᠤ ᠶᠢᠨ ᠡᠮᠦᠨ᠎ᠡ ᠲᠣᠭᠤᠷᠢᠯ ᠵᠠᠮ ᠢᠶᠠᠷ ᠥᠩᠭᠡᠷᠡᠨ᠂ ᠡᠴᠦᠰ ᠲᠤ ᠪᠠᠨ ᠪᠤᠭᠤᠲᠤ ᠶᠢᠨ ᠪᠠᠷᠠᠭᠤᠨ ᠬᠡᠰᠡᠭ ᠤᠨ ᠡᠬᠡ ᠬᠠᠭᠤᠷᠠᠶ ᠶᠢᠨ ᠭᠠᠷᠠᠮ ᠳᠤ ᠬᠦᠷᠴᠦ᠂ 98 ᠺᠢᠯᠣᠮᠧᠲᠷ ᠤᠨ ᠬᠤᠲᠠ ᠠᠯᠤᠰᠯᠠᠭᠰᠠᠨ ᠵᠠᠮ ᠤᠨ ᠰᠢᠯᠭᠠᠯᠲᠠ ᠶᠢ ᠪᠡᠶᠡᠯᠡᠭᠦᠯᠪᠡ᠃     ᠠᠳᠡ ᠬᠦᠷᠦᠭᠡᠳ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠣᠷᠣᠨ ᠪᠦᠰᠡ ᠠᠯᠤᠰᠯᠠᠭᠰᠠᠨ ᠠᠦ᠋ᠲ᠋ᠣ᠋ ᠵᠢᠯᠣᠭᠤᠳᠬᠤ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠤ ᠵᠠᠮ ᠤᠨ ᠲᠤᠷᠰᠢᠯᠲᠠ ᠶᠢ ᠤᠷᠤᠭᠰᠢᠲᠠᠶ ᠪᠡᠶᠡᠯᠡᠭᠦᠯᠪᠡ᠃
20250422-1.png
    ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠣᠷᠳᠣᠰ᠂ ᠪᠤᠭᠤᠲᠤ ᠬᠤᠶᠠᠷ ᠭᠠᠵᠠᠷ ᠤᠨ ᠬᠠᠮᠵᠢᠯᠴᠠᠨ ᠠᠬᠢᠭᠤᠯᠤᠯ ᠳᠣᠣᠷ᠎ᠠ᠂ ᠣᠷᠳᠣᠰ ᠬᠤᠲᠠ ᠶᠢᠨ ᠳ᠋ᠦᠩᠱᠧᠩ  ᠤᠨ ᠸᠠᠨ ᠯᠢ ᠡᠬᠡ ᠬᠠᠭᠤᠷᠠᠶ ᠶᠢᠨ ᠭᠠᠷᠠᠮ — ᠪᠤᠭᠤᠲᠤ ᠬᠤᠲᠠ ᠶᠢᠨ ᠪᠠᠷᠠᠭᠤᠨ ᠬᠡᠰᠡᠭ ᠤᠨ ᠡᠬᠡ ᠬᠠᠭᠤᠷᠠᠶ ᠶᠢᠨ ᠭᠠᠷᠠᠮ ᠢ ᠲᠤᠷᠰᠢᠯᠲᠠ ᠶᠢᠨ ᠱᠤᠭᠤᠮ ᠪᠣᠯᠭᠠᠬᠤ ᠪᠠᠷ ᠲᠣᠭᠲᠠᠭᠠᠪᠠ᠃    ᠲᠣᠰ ᠤᠳᠠᠭᠠᠨ ᠤ ᠰᠢᠯᠭᠠᠯᠲᠠ ᠳᠤ ᠰᠢᠨ᠎ᠡ ᠡᠨᠧᠷᠭᠢ ᠶᠢᠨ ᠠᠦ᠋ᠲ᠋ᠣ᠋ ᠵᠢᠯᠣᠭᠤᠳᠬᠤ ᠬᠦᠨᠳᠦ ᠠᠴᠢᠶᠠᠨ ᠤ ᠮᠠᠰᠢᠨ  ᠢ ᠠᠩᠭᠢ ᠬᠤᠪᠢᠶᠠᠨ ᠲᠡᠭᠡᠭᠡᠪᠦᠷᠢᠯᠡᠬᠦ ᠵᠠᠭᠪᠤᠷ ᠢ ᠬᠡᠷᠡᠭᠯᠡᠵᠦ᠂ ᠨᠢᠭᠡ L2 ᠲᠠᠰ ᠤᠨ ᠠᠦ᠋ᠲ᠋ᠣ᠋ ᠵᠢᠯᠣᠭᠤᠳᠬᠤ ᠬᠦᠨᠳᠦ ᠠᠴᠢᠶᠠᠨ ᠤ ᠮᠠᠰᠢᠨ ᠢᠶᠠᠷ ᠨᠢᠭᠡ L4 ᠲᠠᠰ ᠤᠨ ᠠᠦ᠋ᠲ᠋ᠣ᠋ ᠵᠢᠯᠣᠭᠤᠳᠬᠤ ᠬᠦᠨᠳᠦ ᠠᠴᠢᠶᠠᠨ ᠤ ᠮᠠᠰᠢᠨ ᠢ ᠬᠦᠲᠦᠯᠵᠦ᠂ ᠠᠮᠤᠷ ᠲᠦᠪᠰᠢᠨ ᠤ ᠬᠠᠮᠠᠭᠠᠯᠠᠭᠴᠢ ᠳᠣᠭᠢᠷᠠᠭᠤᠯᠤᠭᠰᠠᠨ ᠨᠥᠬᠦᠴᠡᠯ ᠳᠣᠤᠷ᠎ᠠ ᠵᠠᠮ ᠳᠤ ᠭᠠᠷᠴᠤ ᠲᠤᠷᠰᠢᠨ ᠬᠡᠷᠡᠭᠯᠡᠵᠦ᠂ ᠣᠷᠣᠨ ᠪᠦᠰᠡ ᠠᠯᠤᠰᠯᠠᠭᠰᠠᠨ ᠭᠤᠤᠯ ᠱᠤᠭᠤᠮ ᠤᠨ ᠲᠡᠭᠡᠭᠡᠪᠦᠷᠢ ᠶᠢᠨ ᠠᠬᠤᠶ ᠪᠠᠶᠢᠳᠠᠯ ᠳᠣᠤᠷ᠎ᠠ ᠠᠩᠭᠢ ᠬᠤᠪᠢᠶᠠᠨ ᠠᠦ᠋ᠲ᠋ᠣ᠋ ᠵᠢᠯᠣᠭᠤᠳᠬᠤ ᠶᠢ ᠪᠡᠶᠡᠯᠡᠭᠦᠯᠪᠡ᠃     ᠣᠶᠢᠯᠠᠭᠠᠭᠰᠠᠨ ᠢᠶᠠᠷ᠂ ᠡᠶᠢᠮᠦᠷᠬᠦᠦ ᠣᠶᠤᠨᠴᠢ ᠬᠤᠯᠢᠯᠳᠤᠭᠰᠠᠨ ᠠᠩᠭᠢ ᠶᠢᠨ ᠠᠮᠤᠷ ᠲᠦᠪᠰᠢᠨ ᠤ ᠴᠢᠨᠠᠷ ᠨᠢ ᠬᠥᠮᠦᠨ ᠵᠢᠯᠣᠭᠤᠳᠬᠤ ᠠᠴᠠ 5 ᠳᠠᠬᠢᠨ ᠳᠡᠭᠡᠭᠰᠢᠯᠡᠵᠦ᠂ ᠠᠩᠭᠢ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠤᠭ ᠤᠨ ᠥᠨᠳᠥᠷ ᠲᠤ ᠪᠠᠨ ᠡᠨᠧᠷᠭᠢ ᠶᠢ 10% ᠪᠠᠷ ᠠᠷᠪᠢᠯᠠᠵᠤ᠂ ᠵᠢᠯ ᠪᠦᠷᠢ ᠲᠡᠷᠭᠡ ᠪᠦᠷᠢ ᠳᠤ ᠬᠡᠳᠦᠨ ᠲᠦᠮᠡᠨ ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠬᠤ ᠪᠣᠯᠣᠨ᠎ᠠ᠃ ᠡᠭᠦᠨ ᠤ ᠬᠠᠮᠲᠤ ᠬᠠᠮᠤᠭ ᠤᠨ ᠰᠢᠨ᠎ᠡ ᠬᠤᠯᠢᠯᠳᠤᠭᠰᠠᠨ ᠲᠡᠭᠡᠭᠡᠪᠦᠷᠢ ᠶᠢᠨ ᠬᠦᠴᠦᠨ ᠤ AI ᠲᠣᠬᠢᠷᠠᠭᠤᠯᠤᠯᠲᠠ ᠶᠢᠨ ᠲᠠᠪᠴᠠᠩ ᠢ ᠠᠰᠢᠭᠯᠠᠵᠤ᠂ 10% ᠶᠢᠨ ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠮᠢᠶᠠᠷᠤᠯᠲᠠ ᠶᠢᠨ ᠥᠪᠡᠷ ᠤᠨ ᠥᠷᠲᠡᠭ ᠢ 50%  ᠪᠠᠷ ᠪᠠᠭᠤᠷᠠᠭᠤᠯᠵᠤ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号