4 ᠳ᠋ᠦ᠋ᠭᠡᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ | ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ᠤᠨ ᠦᠶᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠬᠦ ᠠᠵᠢᠯᠯᠠᠭᠠᠨ ᠤ ᠲᠥᠰᠦᠯ︾ ᠢ ᠳᠠᠷᠤᠮᠠᠯᠯᠠᠨ ᠲᠠᠷᠬᠠᠭᠠᠵᠤ᠂ ᠳᠤᠲᠠᠭᠤᠳᠠᠯ ᠢᠶᠠᠨ ᠬᠦᠴᠦᠯᠡᠨ | ᠨᠥᠬᠦᠪᠥᠷᠢᠯᠡᠵᠦ᠂ ᠡᠵᠡᠩᠨᠡᠯᠲᠡ ᠪᠠᠨ ᠰᠢᠯᠢᠳᠡᠭᠵᠢᠭᠦᠯᠦᠨ᠂ ᠬᠠᠮᠢᠶᠠᠷᠤᠯᠲᠠ ᠪᠠᠨ ᠨᠠᠷᠢᠯᠢᠭᠵᠢᠭᠤᠯᠵᠤ᠂ ᠬᠢᠨᠠᠯᠲᠠ | ᠲᠠᠯᠪᠢᠬᠤ ᠪᠠᠨ ᠴᠢᠩᠭᠠᠳᠬᠠᠵᠤ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ᠢ ᠣᠯᠠᠨ | ᠲᠦᠮᠡᠨ ᠤ ᠶᠠᠪᠤᠵᠤ ᠰᠠᠭᠤᠬᠤ ᠬᠠᠯᠠᠭᠤᠨ ᠳᠤᠯᠠᠭᠠᠨ ᠥᠷᠲᠡᠭᠡ᠂ ᠳᠦᠷᠢ ᠲᠥᠷᠬᠦ ᠪᠠᠨ ᠳᠡᠯᠭᠡᠨ ᠦᠵᠡᠭᠦᠯᠬᠦ ᠭᠤᠶᠣ | ᠰᠠᠶᠢᠬᠠᠨ ᠨᠡᠷ᠎ᠡ ᠶᠢᠨ ᠬᠠᠭᠤᠳᠠᠰᠤ᠂ ᠠᠵᠤ ᠦᠶᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠥᠳᠡᠯᠭᠡᠭᠦᠷ | ᠪᠣᠯᠭᠠᠬᠤ ᠶᠢ ᠠᠬᠢᠭᠤᠯᠪᠠ᠃ | | | | ᠲᠥᠰᠦᠯ ᠢ ᠦᠨᠳᠦᠰᠦᠯᠡᠪᠡᠯ᠂ 2025 ᠣᠨ ᠳᠤ᠂ ᠥᠪᠥᠷ ᠮᠣᠩᠭᠤᠯ ᠨᠢᠭᠡᠨᠲᠡ ᠠᠰᠢᠭᠯᠠᠯᠲᠠ ᠳᠤ ᠣᠷᠣᠭᠰᠠᠨ | 208 ᠦᠶᠯᠡᠴᠢᠯᠡᠭᠡᠨ ᠤ ᠲᠣᠭᠤᠷᠢᠭ ᠤᠨ ᠵᠣᠷᠯᠣᠩ ᠳᠤ ᠣᠷᠣᠬᠤ᠂ ᠬᠠᠯᠠᠭᠤᠨ ᠤᠰᠤ ᠤᠤᠭᠤᠬᠤ᠂ ᠲᠣᠰᠣ ᠨᠡᠮᠡᠬᠦ᠂ | ᠴᠠᠬᠢᠯᠭᠠᠨ ᠴᠡᠨᠡᠭᠯᠡᠬᠦ᠂ ᠢᠳᠡᠵᠦ ᠤᠤᠭᠤᠬᠤ᠂ ᠬᠤᠳᠠᠯᠳᠤᠭᠠᠨ ᠤ ᠲᠠᠯᠠᠪᠠᠢ ᠬᠡᠲᠦ ᠳᠡᠯᠭᠡᠭᠦᠷ ᠵᠡᠷᠭᠡ 7 ᠵᠦᠶᠯ ᠤᠨ | ᠦᠨᠳᠦᠰᠦᠨ ᠦᠶᠯᠡᠴᠢᠯᠡᠭᠡᠨ ᠤ ᠴᠢᠳᠠᠮᠵᠢ ᠶᠢ ᠪᠦᠷᠢᠨ ᠪᠥᠷᠬᠦᠭᠦᠯᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠤᠨ᠎ᠠ︔ | | >> ᠲᠡᠷᠭᠡᠨ ᠵᠣᠭᠰᠣᠭᠠᠯ ᠤᠨ ᠲᠣᠭᠤᠷᠢᠭ ᠤᠨ ︽ᠴᠠᠭᠠᠨ ᠢ ᠬᠠᠷ᠎ᠠ ᠪᠣᠯᠭᠠᠬᠤ︾ ᠪᠠᠷᠢᠯᠭ᠎ᠠ ᠶᠢ ᠠᠬᠢᠭᠤᠯᠵᠤ᠂ | ᠲᠡᠷᠭᠡᠨ ᠵᠣᠭᠰᠣᠭᠠᠯ ᠤᠨ ᠪᠠᠶᠢᠷᠢᠰᠢᠯ ᠢ ᠰᠢᠯᠢᠳᠡᠭᠵᠢᠭᠦᠯᠦᠨ᠂ ᠲᠡᠷᠭᠡᠨ ᠵᠣᠭᠰᠣᠭᠠᠯ ᠤᠨ ᠪᠠᠶᠢᠷᠢ ᠶᠢ 300 ᠰᠢᠨ᠎ᠡ | ᠪᠠᠷ ᠨᠡᠮᠡᠭᠳᠡᠭᠦᠯᠦᠨ᠎ᠡ︔ | >> ᠦᠶᠯᠡᠴᠢᠯᠡᠭᠡᠨ ᠤ ᠲᠣᠭᠤᠷᠢᠭ ᠤᠨ ︽ᠵᠣᠷᠯᠣᠩ ᠤᠨ ᠬᠤᠪᠢᠰᠬᠠᠯ︾ ᠢ ᠭᠦᠨᠵᠡᠭᠡᠶᠢᠷᠡᠭᠦᠯᠵᠦ᠂ ᠵᠣᠷᠯᠣᠩ | ᠤᠨ ᠲᠤᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠨᠡᠮᠡᠭᠳᠡᠭᠦᠯᠦᠨ᠂ ᠡᠷᠡᠭᠲᠡᠶ ᠡᠮᠡᠭᠲᠡᠶ ᠵᠣᠷᠯᠣᠩ ᠤᠨ ᠬᠠᠷᠢᠴᠠᠯ ᠢ | ᠰᠢᠯᠢᠳᠡᠭᠵᠢᠭᠦᠯᠦᠨ᠎ᠡ︔ | >> ᠡᠬᠡ ᠨᠢᠯᠬᠠᠰ ᠤᠨ ᠦᠶᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠥᠬᠦᠭᠦᠯᠵᠦ | ᠠᠮᠠᠷᠠᠭᠤᠯᠬᠤ ᠲᠥᠬᠦᠭᠡᠷᠦᠮᠵᠢ ᠶᠢ ᠲᠣᠬᠢᠷᠠᠭᠤᠯᠤᠨ᠎ᠠ︔ | >> ᠰᠠᠭᠠᠳ ᠥᠬᠡᠶ ᠨᠡᠪᠲᠡᠷᠡᠬᠦ ᠵᠠᠮ᠂ ᠰᠠᠭᠠᠳ ᠥᠬᠡᠶ ᠲᠡᠷᠭᠡᠨ ᠵᠣᠭᠰᠣᠭᠠᠯ᠂ ᠰᠠᠭᠠᠳ ᠥᠬᠡᠶ ᠨᠡᠪᠲᠡᠷᠡᠬᠦ | ᠵᠣᠷᠯᠣᠩ ᠢ 100% ᠪᠠᠷ ᠪᠦᠷᠬᠦᠭᠦᠯᠬᠦ ᠶᠢ ᠳᠥᠯᠭᠢᠨ ᠠᠬᠢᠭᠤᠯᠵᠤ᠂ ︽ᠵᠢᠯᠣᠭᠤᠴᠢ ᠶᠢᠨ ᠬᠡᠷ︾ ᠤᠨ ᠡᠵᠡᠩᠨᠡᠯᠲᠡ | ᠶᠢᠨ ᠨᠣᠷᠮ᠎ᠠ ᠶᠢ 100% ᠳᠤ ᠬᠦᠷᠦᠭᠦᠯᠵᠦ᠂ ᠴᠠᠬᠢᠯᠭᠠᠨ ᠴᠡᠨᠡᠭᠯᠡᠬᠦ ᠲᠡᠷᠭᠡᠨ ᠵᠣᠭᠰᠣᠭᠠᠯ ᠤᠨ ᠵᠢᠵᠢᠭ ᠮᠠᠰᠢᠨ | ᠲᠡᠷᠭᠡᠨ ᠤ ᠲᠡᠷᠭᠡᠨ ᠵᠣᠭᠰᠣᠭᠠᠯ ᠳᠠᠬᠢ ᠡᠵᠡᠯᠡᠬᠦ ᠬᠠᠷᠢᠴᠠᠯ ᠢ 10% ᠳᠤ ᠬᠦᠷᠦᠭᠦᠯᠵᠦ᠂ ᠳᠡᠭᠡᠳᠦ ᠬᠤᠷᠳᠤ ᠶᠢᠨ | ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ᠤᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠮᠡᠳᠡᠭᠡ ᠵᠠᠩᠭᠢ ᠶᠢᠨ | ᠪᠠᠶᠢᠴᠠᠭᠠᠵᠤ ᠪᠣᠯᠬᠤ ᠨᠣᠷᠮ᠎ᠠ ᠶᠢ 100% ᠳᠤ ᠬᠦᠷᠦᠭᠦᠯᠦᠨ᠎ᠡ᠃ | ᠥᠪᠥᠷ ᠮᠣᠩᠭᠤᠯ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ︽ᠠᠳᠠᠯᠢ ᠬᠤᠲᠠ ᠳᠤ ᠠᠳᠠᠯᠢ | ᠦᠨ᠎ᠡ ᠬᠠᠩᠰᠢ ᠲᠠᠢ ᠪᠠᠶᠢᠬᠤ︾ ᠦᠶᠯᠡᠴᠢᠯᠡᠭᠡ ᠶᠢ ᠳᠡᠯᠭᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠷᠠᠲᠤ | ᠲᠥᠷᠥᠯ ᠲᠡᠮᠳᠡᠭᠲᠦ ᠪᠠ ᠣᠷᠣᠨ ᠨᠤᠲᠤᠭ ᠤᠨ ᠣᠨᠴᠠᠯᠢᠭᠲᠤ ᠢᠳᠡᠭᠡᠨ ᠤᠮᠳᠠᠭᠠᠨ ᠢ ᠦᠶᠯᠡᠴᠢᠯᠡᠭᠡᠨ ᠤ ᠲᠣᠭᠤᠷᠢᠭ | ᠲᠤ ᠣᠷᠣᠭᠤᠯᠤᠨ᠂ ᠥᠪᠥᠷ ᠮᠣᠩᠭᠤᠯ ᠤᠨ ᠣᠨᠴᠠ ᠭᠠᠷᠤᠯᠲᠠ ᠶᠢᠨ ᠲᠤᠰᠬᠠᠶ ᠬᠤᠳᠠᠯᠳᠤᠬᠤ ᠳᠡᠯᠭᠡᠭᠦᠷ ᠢ ᠨᠠᠮᠠᠨ | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠣᠨᠴᠠᠯᠢᠭᠲᠤ ᠪᠦᠲᠦᠭᠡᠭᠳᠡᠬᠦᠨ ᠤ ᠡᠵᠡᠯᠡᠬᠦ | ᠬᠠᠷᠢᠴᠠᠯ ᠢ 50% ᠠᠴᠠ ᠳᠡᠭᠡᠭᠰᠢ ᠳᠤ ᠬᠦᠷᠦᠭᠦᠯᠬᠦ ᠶᠢ ᠳᠥᠯᠭᠢᠨ ᠠᠬᠢᠭᠤᠯᠤᠨ᠎ᠠ᠃ | ᠥᠪᠥᠷ ᠮᠣᠩᠭᠤᠯ ᠵᠢᠭᠤᠯᠴᠢᠯᠠᠯ ᠤᠨ ᠣᠨᠴᠠᠯᠢᠭᠲᠤ ᠦᠶᠯᠡᠴᠢᠯᠡᠭᠡᠨ ᠤ ᠣᠷᠣᠨ ᠪᠠᠶᠢᠭᠤᠯᠬᠤ ᠶᠢ ᠳᠥᠯᠭᠢᠨ | ᠠᠬᠢᠭᠤᠯᠵᠤ᠂ ᠦᠶᠯᠡᠴᠢᠯᠡᠭᠡᠨ ᠤ ᠣᠷᠣᠨ ᠤ ᠣᠷᠣᠨ ᠪᠦᠰᠡ ᠶᠢᠨ ᠳᠠᠪᠠᠭᠤᠯᠢᠭ ᠪᠠ ᠵᠢᠭᠤᠯᠴᠢᠯᠠᠯ ᠤᠨ ᠡᠬᠢ ᠪᠠᠶᠠᠯᠢᠭ | ᠲᠠᠢ ᠤᠶᠠᠯᠳᠤᠭᠤᠯᠤᠨ᠂ ᠵᠢᠭᠤᠯᠴᠢᠯᠠᠯ ᠤᠨ ᠵᠥᠪᠯᠡᠯᠭᠡ ᠥᠭᠬᠦ᠂ ᠦᠵᠡᠮᠵᠢ ᠶᠢᠨ ᠣᠷᠣᠨ ᠤ ᠡᠭᠦᠳᠡᠨ ᠪᠢᠯᠧᠲ | ᠬᠤᠳᠠᠯᠳᠤᠬᠤ᠂ ᠵᠢᠭᠤᠯᠴᠢᠯᠠᠯ ᠤᠨ ᠬᠦᠲᠦᠴᠢᠯᠡᠬᠦ ᠵᠡᠷᠭᠡ ᠦᠶᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠵᠦ᠂ ᠰᠣᠶᠣᠯ | ᠤᠨ ᠡᠭᠦᠳᠦᠯᠲᠡ᠂ ᠰᠤᠳᠤᠯᠤᠨ ᠰᠤᠷᠤᠯᠴᠠᠬᠤ᠂ ᠠᠮᠠᠷᠠᠬᠤ᠂ ᠭᠡᠷᠲᠦ ᠲᠡᠷᠭᠡ ᠪᠠᠭᠤᠴᠠ ᠵᠡᠷᠭᠡ ᠡᠵᠡᠩᠨᠡᠯᠲᠡ ᠶᠢᠨ | ᠬᠡᠯᠪᠡᠷᠢ ᠪᠠᠶᠢᠳᠠᠯ ᠢ ᠥᠷᠭᠡᠳᠬᠡᠵᠦ᠂ ᠪᠦᠷᠢᠶ᠎ᠡ ᠮᠠᠩᠬ᠎ᠠ᠂ ᠪᠠᠶᠠᠨᠨᠠᠭᠤᠷ᠂ ᠤᠯᠠᠭᠠᠨᠰᠤᠬᠠᠢ ᠵᠡᠷᠭᠡ 3 ᠬᠤᠤᠰ | ᠣᠨᠴᠠᠯᠢᠭᠲᠤ ᠦᠶᠯᠡᠴᠢᠯᠡᠭᠡᠨ ᠤ ᠣᠷᠣᠨ ᠢ ᠪᠥᠲᠥᠭᠡᠨ ᠪᠠᠶᠢᠭᠤᠯᠵᠤ᠂ ᠨᠥᠬᠦᠴᠡᠯ ᠪᠥᠷᠢᠳᠦᠭᠰᠡᠨ ᠳᠡᠭᠡᠳᠦ ᠬᠤᠷᠳᠤ | ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ᠲᠤ ᠲᠣᠭᠲᠠᠭᠠᠯ ᠶᠣᠰᠣ ᠪᠠᠷ ᠦᠵᠡᠮᠵᠢ ᠶᠢᠨ ᠣᠷᠣᠨ ᠳᠤ | ᠰᠢᠭᠤᠳ ᠣᠷᠣᠬᠤ ᠨᠡᠪᠲᠡᠷᠡᠬᠦ ᠵᠠᠮ ᠢ ᠪᠥᠲᠥᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ ᠰᠢᠯᠢᠳᠡᠭ ᠫᠷᠤᠭ᠍ᠷᠠᠮ ᠢ | ᠲᠣᠭᠤᠷᠢᠨ ᠲᠣᠭᠯᠠᠬᠤ᠂ ᠣᠷᠣᠨ ᠨᠤᠲᠤᠭ ᠤᠨ ᠰᠣᠶᠣᠯ ᠤᠨ ᠦᠵᠡᠭᠦᠯᠦᠯᠭᠡ᠂ ᠰᠣᠶᠣᠯ ᠤᠨ ᠡᠭᠦᠳᠦᠯᠲᠡ ᠶᠢᠨ | ᠪᠦᠲᠦᠭᠡᠭᠳᠡᠬᠦᠨ ᠢ ᠳᠡᠯᠭᠡᠨ ᠦᠵᠡᠭᠦᠯᠬᠦ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠬᠢᠭᠡᠳ | ᠵᠢᠭᠤᠯᠴᠢᠯᠠᠯ ᠤᠨ ᠠᠭᠤᠰᠤᠯᠴᠠᠯ ᠢ ᠠᠬᠢᠭᠤᠯᠤᠨ᠎ᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ | ᠡᠳᠦᠷ ᠤᠨ ᠦᠶᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ | ᠴᠢᠩᠭᠠᠳᠬᠠᠬᠤ᠂ ᠨᠡᠶᠢᠭᠡᠮ ᠨᠡᠶᠢᠲᠡ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠵᠡᠷᠭᠡ ᠠᠷᠭ᠎ᠠ ᠮᠠᠶ᠋ᠢᠭ | ᠢᠶᠠᠷ ᠳᠠᠮᠵᠢᠭᠤᠯᠤᠨ ᠡᠯ᠎ᠡ ᠵᠦᠶᠯ ᠤᠨ ᠠᠵᠢᠯ ᠢ ᠲᠣᠭᠲᠠᠭᠠᠭᠰᠠᠨ ᠬᠠᠷᠠᠯᠲᠠ ᠶᠣᠰᠣ ᠪᠠᠷ ᠯᠠᠪᠳᠠᠭᠤᠨ ᠢᠶᠠᠷ ᠠᠬᠢᠭᠤᠯᠬᠤ | ᠶᠢ ᠦᠨᠡᠨ ᠬᠦ ᠪᠠᠲᠤᠯᠠᠬᠤ ᠪᠠᠷ ᠪᠠᠶᠢᠨ᠎ᠠ᠃ |