4 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ | ᠶᠢᠨ ᠲᠢᠩᠬᠢᠮ ︽2025 ᠣᠨ ᠤ ᠦᠶᠡᠷ ᠤᠨ ᠬᠤᠭᠤᠴᠠᠭ᠎ᠠ ᠵᠣᠨ ᠤ ᠠᠮᠠᠷᠠᠯᠲᠠ ᠶᠢᠨ ᠬᠤᠭᠤᠴᠠᠭᠠᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠶᠦᠯᠭᠦᠢ ᠦᠶᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ | ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾ ︵ᠳᠣᠷᠣᠭᠰᠢ ︽ᠲᠥᠰᠦᠯ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ︽ᠨᠢᠭᠡᠳᠦᠯᠲᠡᠶ ᠪᠠᠶᠢᠷᠢᠯᠠᠭᠤᠯᠬᠤ᠂ ᠨᠢᠭᠡᠳᠦᠯᠲᠡᠶ ᠪᠠᠷᠢᠮᠵᠢᠶ᠎ᠠ᠂ | ᠨᠢᠭᠡᠳᠦᠯᠲᠡᠶ ᠠᠯᠬᠤᠮ ᠳᠠᠷᠠᠭ᠎ᠠ᠂ ᠨᠢᠭᠡᠳᠦᠯᠲᠡᠶ ᠠᠵᠢᠯᠯᠠᠭ᠎ᠠ︾ ᠪᠠ ︽ᠳᠥᠷᠪᠡ ᠶᠢ ᠪᠠᠶᠢᠴᠠᠭᠠᠵᠤ ᠨᠢᠭᠡ ᠶᠢ | ᠵᠢᠯᠣᠭᠤᠳᠬᠤ︾ ᠱᠠᠭᠠᠷᠳᠠᠯᠭ᠎ᠠ ᠶᠣᠰᠣ ᠪᠠᠷ᠂ ᠦᠶᠡᠷ ᠤᠨ ᠬᠤᠭᠤᠴᠠᠭ᠎ᠠ ᠵᠣᠨ ᠤ ᠠᠮᠠᠷᠠᠯᠲᠠ ᠶᠢᠨ ᠬᠤᠭᠤᠴᠠᠭᠠᠨ ᠤ | ᠬᠠᠮᠢᠶ᠎ᠠ ᠪᠥᠬᠦᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠪᠠ᠃ | ︽ᠲᠥᠰᠦᠯ︾ ᠢ ᠦᠨᠳᠦᠰᠦᠯᠡᠪᠡᠯ᠂ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ | ᠦᠶᠡᠷ ᠤᠨ ᠬᠤᠭᠤᠴᠠᠭ᠎ᠠ ᠵᠣᠨ ᠤ ᠠᠮᠠᠷᠠᠯᠲᠠ ᠶᠢᠨ ᠬᠤᠭᠤᠴᠠᠭᠠᠨ ᠤ ᠠᠵᠢᠯ ᠲᠥᠷᠥᠯ ᠤᠨ ᠠᠶᠦᠯᠭᠦᠢ | ᠦᠶᠯᠡᠳᠪᠦᠷᠢᠯᠡᠯ ᠤᠨ ᠣᠨᠴᠠᠯᠢᠭ ᠪᠠ ᠵᠢᠮ᠎ᠡ ᠶᠣᠰᠣ ᠲᠠᠢ ᠤᠶᠠᠯᠳᠤᠭᠤᠯᠤᠨ᠂ ᠵᠠᠰᠠᠮᠠᠯ ᠵᠠᠮ ᠤᠨ ᠡᠵᠡᠩᠨᠡᠯᠲᠡ᠂ ᠵᠠᠮ | ᠲᠡᠭᠡᠭᠡᠪᠦᠷᠢ᠂ ᠬᠤᠲᠠ ᠶᠢᠨ ᠠᠶᠠᠨᠴᠢᠳ ᠤᠨ ᠵᠥᠭᠡᠭᠡᠪᠦᠷᠢ᠂ ᠤᠰᠤᠨ ᠳᠡᠭᠡᠷᠡᠬᠢ ᠵᠠᠮ ᠬᠠᠷᠢᠯᠴᠠᠭ᠎ᠠ᠂ ᠵᠠᠰᠠᠮᠠᠯ ᠵᠠᠮ | ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠲᠠᠢ ᠤᠶᠠᠯᠳᠤᠭᠤᠯᠤᠨ᠂ 25 ᠲᠥᠷᠥᠯ ᠤᠨ ᠠᠶᠤᠯ ᠲᠦᠭᠰᠢᠭᠦᠷᠢ | ᠶᠢᠨ ᠳᠠᠯᠳᠠ ᠬᠡᠮ ᠪᠠ 10 ᠲᠤᠰᠬᠠᠶ ᠵᠠᠰᠠᠬᠤ ᠠᠵᠢᠯᠯᠠᠭ᠎ᠠ ᠶᠢᠨ ᠭᠤᠤᠯᠳᠠᠯᠭ᠎ᠠ ᠲᠠᠢ ᠡᠭᠦᠷᠭᠡ ᠳᠤ ᠴᠢᠭᠯᠡᠭᠦᠯᠦᠨ | ᠦᠶᠡᠷ ᠤᠨ ᠬᠤᠭᠤᠴᠠᠭ᠎ᠠ ᠵᠣᠨ ᠤ ᠠᠮᠠᠷᠠᠯᠲᠠ ᠶᠢᠨ ᠬᠤᠭᠤᠴᠠᠭᠠᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠢ ᠦᠷᠨᠢᠭᠦᠯᠦᠨ᠎ᠡ᠃ | ︽ᠲᠥᠰᠦᠯ︾ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠱᠠᠲᠤ ᠬᠤᠪᠢᠶᠠᠨ ᠥᠷᠨᠢᠭᠦᠯᠬᠦ ᠶᠢ | ᠪᠠᠶᠢᠷᠢᠯᠠᠭᠤᠯᠪᠠ᠃ ᠳᠠᠶᠢᠴᠢᠯᠠᠯᠲᠠ ᠪᠠᠶᠢᠷᠢᠯᠠᠭᠤᠯᠤᠯᠲᠠ᠂ ᠲᠤᠰᠬᠠᠶ ᠰᠡᠳᠦᠪᠲᠦ ᠪᠣᠯᠪᠠᠰᠤᠷᠠᠯ ᠢ ᠪᠡᠶᠡᠯᠡᠭᠦᠯᠦᠭᠰᠡᠨ ᠤ | ᠳᠠᠷᠠᠭ᠎ᠠ᠂ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠨᠢᠭᠡ ᠤᠳᠠᠭᠠᠨ ᠤ ᠪᠥᠬᠦ ᠲᠠᠯ᠎ᠠ ᠶᠢᠨ ᠥᠪᠡᠰᠦᠪᠡᠨ ᠪᠠᠶᠢᠴᠠᠭᠠᠬᠤ ᠶᠢ | ᠥᠷᠨᠢᠭᠦᠯᠵᠦ᠂ ᠥᠪᠡᠰᠦᠪᠡᠨ ᠪᠠᠶᠢᠴᠠᠭᠠᠵᠤ ᠭᠠᠷᠭᠠᠭᠰᠠᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ︔ ᠠᠶᠦᠯᠭᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠰᠢᠭᠤᠳ ᠡᠭᠦᠷᠭᠡ ᠬᠠᠷᠢᠭᠤᠴᠠᠯᠭ᠎ᠠ ᠲᠠᠢ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠭᠰᠠᠨ ᠪᠠᠶᠢᠳᠠᠯ ᠳᠤ ᠨᠢᠭᠡ | ᠤᠳᠠᠭᠠᠨ ᠤ ᠪᠥᠬᠦ ᠲᠠᠯ᠎ᠠ ᠶᠢᠨ ᠵᠢᠭᠰᠠᠭᠠᠨ ᠪᠠᠶᠢᠴᠠᠭᠠᠯᠲᠠ ᠥᠷᠨᠢᠭᠦᠯᠦᠨ᠎ᠡ᠃ ᠡᠯ᠎ᠡ ᠠᠶᠢᠮᠠᠭ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ 30% ᠠᠴᠠ ᠳᠣᠤᠷ᠎ᠠ ᠪᠠᠶᠢᠯᠭᠠᠬᠤ | ᠥᠬᠡᠶ ᠬᠠᠷᠢᠴᠠᠯ ᠢᠶᠠᠷ᠂ ᠬᠠᠷᠢᠶ᠎ᠠ ᠣᠷᠣᠨ ᠤ ᠬᠤᠰᠢᠭᠤ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠵᠢᠭᠰᠠᠭᠠᠨ ᠪᠠᠶᠢᠴᠠᠭᠠᠭᠰᠠᠨ ᠪᠠᠶᠢᠳᠠᠯ ᠢ ᠰᠤᠭᠤᠴᠢᠨ ᠪᠠᠶᠢᠴᠠᠭᠠᠬᠤ ᠶᠢᠨ ᠬᠠᠮᠲᠤ | ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠣᠷᠣᠨ ᠪᠠᠶᠢᠷᠢ ᠳᠤ ᠬᠦᠷᠲᠡᠯ᠎ᠡ ᠤᠷᠲᠤᠳᠬᠠᠵᠤ ᠰᠢᠯᠭᠠᠨ | ᠪᠠᠲᠤᠯᠠᠬᠤ ᠮᠠᠶ᠋ᠢᠭ ᠤᠨ ᠰᠤᠭᠤᠴᠢᠨ ᠪᠠᠶᠢᠴᠠᠭᠠᠯᠲᠠ ᠦᠷᠨᠢᠭᠦᠯᠦᠨ᠎ᠡ᠃ ᠲᠢᠩᠬᠢᠮ ᠠᠴᠠ 30% ᠠᠴᠠ ᠳᠣᠤᠷ᠎ᠠ | ᠥᠬᠡᠶ ᠬᠠᠷᠢᠴᠠᠯ ᠢᠶᠠᠷ᠂ ᠰᠠᠨᠠᠭ᠎ᠠ ᠠᠮᠤᠷ ᠥᠬᠡᠶ᠂ ᠦᠨᠳᠦᠰᠦᠨ ᠵᠦᠶᠯ ᠢ ᠥᠯᠥ ᠪᠠᠲᠤᠯᠠᠭᠰᠠᠨ ᠭᠤᠤᠯᠳᠠᠯᠭ᠎ᠠ ᠲᠠᠢ | ᠭᠠᠵᠠᠷ ᠣᠷᠣᠨ᠂ ᠣᠷᠣᠨ ᠪᠠᠶᠢᠷᠢ ᠪᠣᠯᠤᠨ ᠠᠵᠤ ᠠᠬᠤᠶᠢᠯᠠᠯ ᠳᠤ ᠭᠤᠤᠯᠳᠠᠯᠭ᠎ᠠ ᠲᠠᠢ ᠲᠣᠭᠤᠷᠢᠨ ᠪᠠᠶᠢᠴᠠᠭᠠᠯᠲᠠ | ᠥᠷᠨᠢᠭᠦᠯᠦᠨ᠎ᠡ᠃ | ︽ᠲᠥᠰᠦᠯ︾ ᠳᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠵᠦ᠂ ᠬᠦᠨᠳᠦ ᠶᠡᠭᠡ ᠳᠠᠯᠳᠠ | ᠬᠡᠮ ᠢ ᠬᠥᠳᠡᠯᠦᠩᠭᠦᠶ ᠪᠠᠷ ᠠᠷᠢᠯᠭᠠᠬᠤ ᠶᠢ ᠠᠬᠢᠭᠤᠯᠬᠤ ᠶᠢ ᠱᠠᠭᠠᠷᠳᠠᠪᠠ᠃ ᠬᠦᠨᠳᠦ ᠶᠡᠭᠡ ᠳᠠᠯᠳᠠ ᠬᠡᠮ ᠢ | ᠢᠯᠡᠷᠡᠭᠦᠯᠬᠦ ᠱᠠᠭᠠᠷᠳᠠᠯᠭ᠎ᠠ ᠳᠤ ᠭᠦᠨᠵᠡᠭᠡᠶ ᠵᠠᠳᠠᠯᠤᠯᠲᠠ ᠬᠢᠵᠦ᠂ ᠠᠵᠢᠯ ᠲᠥᠷᠥᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠪᠠᠭᠤᠷᠠᠶ ᠭᠤᠭᠴᠤᠭ᠎ᠠ ᠪᠠ ᠳᠤᠲᠠᠭᠤᠳᠠᠯ ᠬᠦᠷᠦᠯᠴᠡᠬᠦ ᠥᠬᠡᠶ ᠲᠠᠯ᠎ᠠ ᠶᠢ ᠡᠷᠢᠵᠦ᠂ ᠲᠦᠷᠢᠮ | ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ | | |