ᠡᠯ᠎ᠡ ᠠᠶᠢᠮᠠᠭ ︵ᠬᠤᠲᠠ︶ ᠤᠨ ᠵᠠᠮ ᠲᠡᠭᠡᠭᠡᠪᠦᠷᠢ ︵ ᠵᠠᠮ ᠬᠠᠷᠢᠯᠴᠠᠭ᠎ᠠ︶ ᠶᠢᠨ ᠨᠡᠶᠢᠭᠡᠮᠯᠢᠭ᠂ ᠡᠯ᠎ᠡ ᠬᠤᠯᠪᠣᠭᠳᠠᠯ | ᠪᠦᠬᠦᠢ ᠨᠢᠭᠡᠴᠢ᠄ | ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠳᠡᠰ ᠤᠨ ᠳᠦᠷᠢᠮ ᠪᠣᠯ ᠵᠠᠮ ᠲᠡᠭᠡᠭᠡᠪᠦᠷᠢ ᠶᠢᠨ ᠠᠵᠢᠯ ᠲᠥᠷᠥᠯ | ᠤᠨ ᠨᠢᠭᠡᠨ ᠦᠨᠳᠦᠰᠦᠨ ᠳᠦᠷᠢᠮ ᠪᠠᠶᠢᠵᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ | ᠳᠤ ᠴᠢᠬᠤᠯᠠ ᠯᠠᠪᠯᠠᠯᠲᠠ ᠬᠠᠩᠭᠠᠵᠤ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠬᠤ ᠪᠠᠷ | ᠪᠠᠷᠠᠬᠤ ᠦᠭᠡᠶ᠂ ᠨᠡᠩ ᠴᠤ ᠠᠵᠢᠯ ᠲᠥᠷᠥᠯ ᠤᠨ ᠰᠢᠨ᠎ᠡ ᠶᠢ ᠡᠭᠦᠳᠦᠨ ᠬᠥᠭᠵᠢᠬᠦ ᠶᠢᠨ ᠬᠦᠴᠦᠲᠡᠶ ᠭᠠᠷᠳᠠᠴᠠ | ᠪᠣᠯᠵᠤ᠂ ᠠᠵᠢᠯ ᠲᠥᠷᠥᠯ ᠤᠨ ᠦᠢᠯᠡᠴᠢᠯᠡᠭᠡᠨ ᠤ ᠴᠢᠳᠠᠪᠤᠷᠢ ᠶᠢ ᠰᠢᠭᠤᠳ ᠲᠤᠰᠬᠠᠬᠤ ᠪᠣᠯᠤᠨ᠎ᠠ᠃ ᠡᠨᠡ ᠬᠦ | ᠲᠦᠷᠢᠮ ᠨᠢ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠪᠤᠰᠤᠳᠴᠢ ᠪᠠᠷᠢᠮᠵᠢᠶ᠎ᠠ ᠶᠢ ᠪᠠᠶᠢᠭᠤᠯᠵᠤ᠂ ᠭᠤᠣᠯᠴᠢ | ᠥᠷᠢᠰᠥᠯᠳᠦᠭᠡᠨ ᠤ ᠦᠨᠳᠦᠰᠦᠨ ᠦᠨᠳᠦᠰᠦᠯᠡᠯ ᠢ ᠬᠠᠩᠭᠠᠨ᠂ ᠨᠡᠶᠢᠭᠡᠮ ᠤᠨ ᠦᠢᠯᠡᠴᠢᠯᠡᠭᠡ ᠱᠤᠩᠭᠤᠬᠤ ᠶᠢᠨ | ᠯᠠᠪᠯᠠᠯᠲᠠ ᠶᠢᠨ ᠬᠡᠪ ᠳᠠᠭᠤᠷᠢᠶᠠᠯ ᠵᠢᠴᠢ ᠠᠵᠢᠯ ᠲᠦᠷᠦᠯ ᠢ ᠦᠨᠡᠯᠡᠬᠦ ᠴᠢᠬᠤᠯᠠ ᠠᠷᠭ᠎ᠠ ᠪᠠᠷᠢᠯ ᠪᠣᠯᠤᠭᠰᠠᠨ ᠪᠠᠶᠢᠨ᠎ᠠ᠃ | | ᠳᠤᠮᠳᠠᠳᠤ ᠤᠯᠤᠰ ᠤᠨ ᠵᠠᠮ ᠲᠡᠭᠡᠭᠡᠪᠦᠷᠢ ᠶᠢᠨ ᠨᠡᠶᠢᠭᠡᠮᠯᠢᠭ ᠤᠨ ︽ᠵᠠᠮ ᠲᠡᠭᠡᠭᠡᠪᠦᠷᠢ ᠶᠢᠨ ᠠᠵᠤ ᠠᠬᠤᠶᠢᠯᠠᠯ | ᠤᠨ ᠳᠡᠰ ᠢ ᠦᠨᠡᠯᠡᠨ ᠲᠣᠭᠲᠠᠭᠠᠬᠤ ᠳᠤ ᠬᠡᠷᠡᠭᠵᠢᠭᠦᠯᠬᠦ ᠠᠷᠭ᠎ᠠ︾ ︵ᠬᠤᠶᠠᠳᠤᠭᠠᠷ ᠬᠡᠪᠯᠡᠯ︶᠂ ᠵᠢᠴᠢ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠵᠢᠯ ᠲᠥᠷᠥᠯ ᠤᠨ ᠪᠠᠷᠢᠮᠵᠢᠶ᠎ᠠ ︽ᠵᠠᠮ ᠢᠶᠠᠷ | ᠠᠶᠠᠨᠴᠢᠳ ᠵᠥᠭᠡᠭᠡᠪᠦᠷᠢᠯᠡᠬᠦ ᠠᠵᠤ ᠠᠬᠤᠶᠢᠯᠠᠯ ᠤᠨ ᠳᠡᠰ︾ ︵JT / T 630 — 2017︶᠂ ︽ᠵᠠᠮ ᠢᠶᠠᠷ | ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠤᠨ ᠳᠡᠰ︾ ︵JT / T 631 — 2017︶᠂ ︽ᠵᠠᠮ ᠢᠶᠠᠷ | ᠠᠶᠤᠯᠲᠠᠢ ᠪᠠᠷᠠᠭ᠎ᠠ ᠲᠡᠭᠡᠭᠡᠪᠦᠷᠢᠯᠡᠬᠦ ᠠᠵᠤ ᠠᠬᠤᠢᠯᠠᠯ ᠤᠨ ᠳᠡᠰ︾ ︵JT / T 1250 — 2019︶᠂ | ︽ᠮᠠᠰᠢᠨ ᠲᠡᠷᠭᠡ ᠲᠦᠷᠢᠶᠡᠰᠦᠯᠡᠬᠦ ᠠᠵᠤ ᠠᠬᠤᠶᠢᠯᠠᠯ ᠤᠨ ᠳᠡᠰ︾ ︵JT / T 1251 — 2019︶᠂ | ︽ᠮᠠᠰᠢᠨ ᠲᠡᠷᠭᠡᠨ ᠤ ᠠᠶᠠᠨᠴᠢᠳ ᠤᠨ ᠵᠥᠭᠡᠭᠡᠪᠦᠷᠢ ᠶᠢᠨ ᠥᠷᠲᠡᠭᠡᠨ ᠤ ᠦᠢᠯᠡᠴᠢᠯᠡᠭᠡᠨ ᠤ ᠤᠳᠤᠨ ᠲᠡᠰ ᠤᠨ | ᠬᠤᠪᠢᠶᠠᠷᠢᠯᠠᠯ ᠬᠢᠭᠡᠳ ᠦᠨᠡᠯᠡᠯᠲᠡ︾ ︵JT / T 1158 — 2017︶᠂ ︽ᠵᠠᠮ ᠢᠶᠠᠷ ᠲᠤᠮᠤ ᠬᠡᠯᠪᠡᠷᠢ ᠶᠢᠨ | ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠤᠨ ᠳᠡᠰ︾ ︵JT / T 1296 — 2019︶ ᠢ ᠦᠨᠳᠦᠰᠦᠯᠡᠨ᠂ | ᠮᠠᠨ ᠤ ᠨᠡᠶᠢᠭᠡᠮᠯᠢᠭ 2025 ᠣᠨ ᠤ 5 ᠳ᠋ᠤᠭᠠᠷ ᠰᠠᠷ᠎ᠠ ᠠᠴᠠ 9 ᠳ᠋ᠦ᠋ᠭᠡᠷ ᠰᠠᠷ᠎ᠠ ᠪᠣᠯᠲᠠᠯ᠎ᠠ ᠮᠠᠨ ᠤ ᠣᠷᠣᠨ ᠤ ᠵᠠᠮ | ᠲᠡᠭᠡᠭᠡᠪᠦᠷᠢ ᠶᠢᠨ ᠠᠵᠤ ᠠᠬᠤᠶᠢᠯᠠᠯ ᠤᠨ ᠳᠡᠰ ᠢ ᠦᠨᠡᠯᠡᠨ ᠲᠣᠭᠲᠠᠭᠠᠬᠤ ᠠᠵᠢᠯ ᠢ ᠥᠷᠨᠢᠭᠦᠯᠬᠦ ᠪᠠᠷ ᠲᠣᠭᠲᠠᠪᠠ᠃ | ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠦᠨᠡᠯᠡᠯᠲᠡ ᠳᠤ ᠣᠷᠣᠯᠴᠠᠬᠤ ᠪᠡᠶᠡᠴᠢ ᠴᠣᠭᠴᠠ ᠬᠢᠭᠡᠳ ᠨᠥᠬᠦᠴᠡᠯ | ᠦᠨᠡᠯᠡᠯᠲᠡ ᠳᠤ ᠣᠷᠣᠯᠴᠠᠬᠤ ᠠᠵᠤ ᠠᠬᠤᠶᠢᠯᠠᠯ ᠨᠢ ᠡᠷᠬᠡᠪᠰᠢ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ | ᠬᠠᠤᠯᠢ ᠶᠢᠨ ᠡᠷᠬᠡᠲᠡᠨ ᠪᠣᠯᠬᠤ ᠶᠢᠨ ᠬᠠᠮᠲᠤ ᠵᠠᠮ ᠤᠨ ᠠᠶᠠᠨᠴᠢᠳ ᠤᠨ ᠵᠥᠭᠡᠭᠡᠪᠦᠷᠢ᠂ ᠪᠠᠷᠠᠭᠠᠨ ᠤ ᠲᠡᠭᠡᠭᠡᠪᠦᠷᠢ᠂ | ᠠᠶᠤᠯᠲᠠᠢ ᠪᠠᠷᠠᠭᠠᠨ ᠤ ᠲᠡᠭᠡᠭᠡᠪᠦᠷᠢ᠂ ᠲᠣᠮᠣ ᠬᠡᠯᠪᠡᠷᠢ ᠶᠢᠨ ᠪᠠᠷᠠᠭᠠᠨ ᠤ ᠲᠡᠭᠡᠭᠡᠪᠦᠷᠢ᠂ ᠮᠠᠰᠢᠨ ᠲᠡᠷᠭᠡ | ᠲᠦᠷᠢᠶᠡᠰᠦᠯᠡᠬᠦ ᠠᠵᠤ ᠠᠬᠤᠶᠢᠯᠠᠯ ᠪᠣᠯᠤᠨ ᠮᠠᠰᠢᠨ ᠲᠡᠷᠭᠡᠨ ᠤ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠲᠠᠢ | ᠬᠠᠷᠠᠭᠠᠯᠵᠠᠭᠰᠠᠨ ᠠᠵᠤ ᠠᠬᠤᠶᠢᠯᠠᠯ ᠤᠨ ᠳᠥᠷᠪᠡᠳᠦᠭᠡᠷ ᠳᠡᠰ ︵ᠳᠥᠷᠪᠡᠳᠦᠭᠡᠷ ᠳᠡᠰ ᠪᠠᠭᠲᠠᠨ᠎ᠠ︶ ᠠᠴᠠ ᠳᠡᠭᠡᠭᠰᠢᠬᠢ | ᠪᠠᠷᠢᠮᠵᠢᠶ᠎ᠠ ᠶᠢᠨ ᠬᠠᠮᠢᠶ᠎ᠠ ᠪᠦᠬᠦᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠃ | ᠬᠤᠶᠠᠷ᠂ ᠮᠡᠳᠡᠭᠦᠯᠬᠦ ᠵᠠᠷᠴᠢᠮ ᠬᠢᠭᠡᠳ ᠮᠠᠲ᠋ᠧᠷᠢᠶᠠᠯ ᠤᠨ ᠱᠠᠭᠠᠷᠳᠠᠯᠭ᠎ᠠ | 1. ᠦᠨᠡᠯᠡᠯᠲᠡ ᠳᠤ ᠣᠷᠣᠯᠴᠠᠬᠤ ᠠᠵᠤ ᠠᠬᠤᠶᠢᠯᠠᠯ ᠤᠨ ᠳᠡᠰ ᠲᠤ ᠰᠠᠶᠢᠨ ᠳᠤᠷ᠎ᠠ ᠠᠴᠠ ᠪᠠᠨ ᠮᠡᠳᠡᠭᠦᠯᠬᠦ | ᠵᠠᠷᠴᠢᠮ ᠢ ᠬᠡᠷᠡᠭᠵᠢᠭᠦᠯᠦᠨ᠎ᠡ᠃ ᠦᠨᠡᠯᠡᠯᠲᠡ ᠳᠤ ᠣᠷᠣᠯᠴᠠᠬᠤ ᠰᠠᠨᠠᠭ᠎ᠠ ᠲᠠᠢ ᠵᠠᠮ ᠲᠡᠭᠡᠭᠡᠪᠦᠷᠢ ᠶᠢᠨ ᠠᠵᠤ ᠠᠬᠤᠶᠢᠯᠠᠯ | ᠨᠢ᠂ ᠬᠠᠮᠢᠶ᠎ᠠ ᠪᠥᠬᠦᠶ ᠠᠵᠤ ᠠᠬᠤᠶᠢᠯᠠᠯ ᠤᠨ ᠳᠡᠰ ᠢ ᠦᠨᠡᠯᠡᠨ ᠲᠣᠭᠲᠠᠭᠠᠬᠤ ᠭᠤᠶᠤᠴᠢᠯᠠᠯ ᠤᠨ ᠬᠦᠰᠦᠨᠦᠭᠲᠦ ᠪᠠ | ᠠᠵᠤ ᠠᠬᠤᠶᠢᠯᠠᠯ ᠤᠨ ᠳᠡᠰ ᠢ ᠦᠨᠡᠯᠡᠨ ᠲᠣᠭᠲᠠᠭᠠᠬᠤ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠪᠠᠶᠢᠴᠠᠭᠠᠵᠤ | ᠲᠡᠮᠳᠡᠭᠯᠡᠬᠦ ᠬᠦᠰᠦᠨᠦᠭᠲᠦ ᠶᠢ ᠬᠢᠨᠠᠮᠠᠭᠠᠶ ᠲᠠᠭᠯᠠᠬᠤ ᠶᠢᠨ ᠬᠠᠮᠲᠤ᠂ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ︵2024 | ᠣᠨ ᠤ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠪᠠ ᠬᠢᠨᠠᠨ ᠪᠤᠳᠤᠭᠰᠠᠨ | ᠮᠡᠳᠡᠭᠦᠯᠦᠯᠲᠡ ᠶᠢᠨ ᠣᠭ ᠮᠠᠲ᠋ᠧᠷᠢᠶᠠᠯ ᠵᠢᠴᠢ 2024 ᠣᠨ ᠤ ᠠᠵᠤ ᠠᠬᠤᠶᠢᠯᠠᠯ ᠤᠨ ᠶᠠᠰᠤ ᠴᠢᠨᠠᠷ ᠤᠨ ᠢᠲᠡᠭᠡᠯ | ᠬᠦᠨᠳᠦ ᠶᠢ ᠬᠢᠨᠠᠨ ᠰᠢᠯᠭᠠᠭᠰᠠᠨ ᠳᠡᠰ ᠪᠠ ᠳᠠᠭᠠᠯᠳᠤᠭᠤᠯᠤᠯ ᠬᠦᠰᠦᠨᠦᠭᠲᠦ ᠶᠢᠨ ᠬᠠᠭᠤᠯᠪᠤᠷᠢ ᠶᠢ ᠪᠠᠭᠲᠠᠭᠠᠨ᠎ᠠ︶ ᠢ | ᠪᠦᠷᠢᠨ ᠪᠡᠯᠡᠳᠬᠡᠬᠦ ᠬᠡᠷᠡᠭᠲᠡᠶ᠃ | 2. ᠭᠤᠶᠤᠴᠢᠯᠠᠨ ᠮᠡᠳᠡᠭᠦᠯᠬᠦ ᠮᠠᠲ᠋ᠧᠷᠢᠶᠠᠯ ᠨᠢ ᠦᠨᠡᠨ ᠪᠣᠳᠠᠲᠠᠶ᠂ ᠪᠦᠷᠢᠨ ᠪᠦᠲᠦᠨ ᠪᠠᠶᠢᠬᠤ ᠶᠢ ᠪᠠᠲᠤᠯᠠᠨ᠎ᠠ᠂ | ᠬᠡᠷᠪᠡ ᠬᠤᠳᠠᠯ ᠬᠠᠭᠤᠷᠮᠠᠭ ᠮᠠᠲ᠋ᠧᠷᠢᠶᠠᠯ ᠪᠠᠶᠢᠬᠤ ᠶᠢ ᠣᠯᠵᠤ ᠮᠡᠳᠡᠪᠡᠯ᠂ ᠭᠤᠶᠤᠴᠢᠯᠠᠨ ᠮᠡᠳᠡᠭᠦᠯᠬᠦ ᠬᠢᠷᠢ ᠬᠡᠮ ᠢ ᠨᠢ | ᠬᠦᠴᠦᠨ ᠦᠭᠡᠶ ᠪᠣᠯᠭᠠᠨ᠎ᠠ᠃ | ᠭᠤᠷᠪᠠ᠂ ᠮᠡᠳᠡᠭᠦᠯᠬᠦ ᠴᠠᠭ ᠪᠣᠯᠤᠨ ᠶᠠᠪᠤᠴᠠ | 1. ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠳᠡᠰ ᠢ ᠭᠤᠶᠤᠴᠢᠯᠠᠨ ᠮᠡᠳᠡᠭᠦᠯᠬᠦ ᠨᠢᠭᠡᠴᠢ᠂ 2025 ᠣᠨ | ᠤ 7 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ᠂ ᠪᠠᠶᠢᠭ᠎ᠠ ᠭᠠᠵᠠᠷ ᠤᠨ ᠢᠶᠠᠨ ᠠᠶᠢᠮᠠᠭ ᠬᠤᠲᠠ ᠶᠢᠨ ᠵᠠᠮ | ᠲᠡᠭᠡᠭᠡᠪᠦᠷᠢ ᠶᠢᠨ ᠨᠡᠶᠢᠭᠡᠮᠯᠢᠭ ᠲᠤ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠳᠡᠪᠰᠢᠭᠦᠯᠬᠦ ᠬᠡᠷᠡᠭᠲᠡᠢ᠃ | 2. ᠡᠯ᠎ᠡ ᠠᠶᠢᠮᠠᠭ ︵ᠬᠤᠲᠠ︶ ᠤᠨ ᠵᠠᠮ ᠲᠡᠭᠡᠭᠡᠪᠦᠷᠢ ︵ᠵᠠᠮ ᠬᠠᠷᠢᠯᠴᠠᠭ᠎ᠠ︶ ᠶᠢᠨ ᠨᠡᠶᠢᠭᠡᠮᠯᠢᠭ ᠠᠴᠠ | ᠨᠢᠭᠡᠳᠦᠭᠡᠷ᠂ ᠬᠤᠶᠠᠳᠤᠭᠠᠷ ᠳᠡᠰ ᠢ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠨ ᠮᠠᠲ᠋ᠧᠷᠢᠶᠠᠯ ᠢ ᠠᠩᠬ᠎ᠠ | ᠬᠢᠨᠠᠭᠰᠠᠨ ᠳᠠᠷᠠᠭ᠎ᠠ ︽ᠠᠩᠬ᠎ᠠ ᠬᠢᠨᠠᠭᠰᠠᠨ ᠰᠠᠨᠠᠯ︾ ᠭᠠᠷᠭᠠᠨ᠎ᠠ︔ ᠭᠤᠷᠪᠠᠳᠤᠭᠠᠷ ᠳᠡᠰ ᠢ ᠭᠤᠶᠤᠴᠢᠯᠠᠨ | ᠮᠡᠳᠡᠭᠦᠯᠦᠭᠰᠡᠨ ᠠᠵᠤ ᠠᠬᠤᠶᠢᠯᠠᠯ ᠮᠠᠲ᠋ᠧᠷᠢᠶᠠᠯ ᠢ ᠠᠩᠬ᠎ᠠ ᠦᠨᠡᠯᠡᠭᠰᠡᠨ ᠤ ᠳᠠᠷᠠᠭ᠎ᠠ᠂ ︽ᠠᠩᠬᠠᠨ ᠤ ᠦᠨᠡᠯᠡᠯᠲᠡ | ᠶᠢᠨ ᠰᠠᠨᠠᠯ︾ ᠭᠠᠷᠭᠠᠨ᠎ᠠ᠃ 2025 ᠣᠨ ᠤ 7 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠠᠵᠤ | ᠠᠬᠤᠶᠢᠯᠠᠯ ᠤᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠪᠠ ᠨᠡᠶᠢᠭᠡᠮᠯᠢᠭ ᠤᠨ ᠠᠩᠬ᠎ᠠ ᠬᠢᠨᠠᠭᠰᠠᠨ᠂ ᠠᠩᠬ᠎ᠠ | ᠦᠨᠡᠯᠡᠭᠰᠡᠨ ᠰᠠᠨᠠᠯ ᠢ ᠮᠠᠨ ᠤ ᠨᠡᠶᠢᠭᠡᠮᠯᠢᠭ ᠲᠤ ᠮᠡᠳᠡᠭᠦᠯᠦᠨ ᠬᠦᠷᠭᠡᠨ᠎ᠡ᠃ | ᠦᠨᠡᠯᠡᠯᠲᠡ ᠳᠤ ᠣᠷᠣᠯᠴᠠᠭᠰᠠᠨ ᠪᠣᠶ ᠪᠥᠬᠦᠶ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠠᠵᠢᠯ ᠢᠶᠠᠨ | ᠤᠷᠤᠭᠰᠢᠲᠠᠶ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠦᠨᠡᠯᠡᠯᠲᠡ ᠳᠤ ᠣᠷᠣᠯᠴᠠᠭᠰᠠᠨ ᠠᠵᠤ ᠠᠬᠤᠶᠢᠯᠠᠯ ᠤᠨ | ᠪᠠᠶᠢᠭ᠎ᠠ ᠣᠷᠣᠨ ᠪᠦᠰᠡ ᠳᠤ ᠵᠠᠮ ᠲᠡᠭᠡᠭᠡᠪᠦᠷᠢ ᠶᠢᠨ ᠨᠡᠶᠢᠭᠡᠮᠯᠢᠭ ᠬᠠᠷᠠᠬᠠᠨ ᠪᠠᠶᠢᠭᠤᠯᠤᠭᠠᠳᠤᠶ ᠪᠤᠶᠤ ᠲᠣᠰ ᠱᠠᠲᠤᠨ ᠤ | ᠵᠠᠮ ᠲᠡᠭᠡᠭᠡᠪᠦᠷᠢ ᠶᠢᠨ ᠨᠡᠶᠢᠭᠡᠮᠯᠢᠭ ᠨᠢ ᠠᠵᠤ ᠠᠬᠤᠶᠢᠯᠠᠯ ᠤᠨ ᠳᠡᠰ ᠢ ᠦᠨᠡᠯᠡᠨ ᠲᠣᠭᠲᠠᠭᠠᠬᠤ ᠪᠡᠯᠡᠳᠬᠡᠯ ᠠᠵᠢᠯ ᠢ | ᠬᠠᠷᠠᠬᠠᠨ ᠰᠠᠶᠢᠲᠤᠷ ᠬᠢᠭᠡᠳᠦᠶ ᠪᠠᠶᠢᠪᠠᠯ᠂ ᠠᠵᠤ ᠠᠬᠤᠶᠢᠯᠠᠯ ᠨᠢ ᠲᠣᠰ ᠨᠡᠶᠢᠭᠡᠮᠯᠢᠭ ᠲᠤ ᠰᠢᠭᠤᠳ ᠮᠡᠳᠡᠭᠦᠯᠦᠨ | ᠬᠦᠷᠭᠡᠵᠦ ᠦᠨᠡᠯᠡᠨ ᠲᠣᠭᠲᠠᠭᠠᠯᠭᠠᠵᠤ ᠪᠣᠯᠤᠨ᠎ᠠ᠃ | ᠳᠥᠷᠪᠡ᠂ ᠦᠨᠡᠯᠡᠨ ᠲᠣᠭᠲᠠᠭᠠᠬᠤ ᠲᠣᠬᠢᠷᠠᠭᠤᠯᠤᠯᠲᠠ | 1. ᠮᠠᠨ ᠤ ᠨᠡᠶᠢᠭᠡᠮᠯᠢᠭ ᠠᠴᠠ ᠣᠨᠴᠠ ᠲᠠᠰ᠂ ᠨᠢᠭᠡᠳᠦᠭᠡᠷ᠂ ᠬᠤᠶᠠᠳᠤᠭᠠᠷ ᠳᠡᠰ ᠤᠨ ᠵᠠᠮ ᠲᠡᠭᠡᠭᠡᠪᠦᠷᠢ ᠶᠢᠨ | ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠠᠩᠬ᠎ᠠ ᠦᠨᠡᠯᠡᠭᠰᠡᠨ ᠤ ᠳᠠᠷᠠᠭ᠎ᠠ᠂ 2025 ᠣᠨ ᠤ | 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠳᠤᠮᠳᠠᠳᠤ ᠤᠯᠤᠰ ᠤᠨ ᠵᠠᠮ ᠲᠡᠭᠡᠭᠡᠪᠦᠷᠢ ᠶᠢᠨ ᠨᠡᠶᠢᠭᠡᠮᠯᠢᠭ ᠲᠤ ᠮᠡᠳᠡᠭᠦᠯᠦᠨ | ᠬᠦᠷᠭᠡᠵᠦ ᠬᠢᠨᠠᠨ ᠲᠣᠭᠲᠠᠭᠠᠯᠭᠠᠨ᠎ᠠ᠃ | 2. ᠭᠤᠷᠪᠠᠳᠤᠭᠠᠷ ᠳᠡᠰ ᠵᠢᠴᠢ ᠭᠤᠷᠪᠠᠳᠤᠭᠠᠷ ᠳᠡᠰ ᠠᠴᠠ ᠳᠣᠷᠣᠭᠰᠢᠬᠢ ᠵᠠᠮ ᠲᠡᠭᠡᠭᠡᠪᠦᠷᠢ ᠶᠢᠨ ᠠᠵᠤ | ᠠᠬᠤᠶᠢᠯᠠᠯ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠮᠠᠨ ᠨᠡᠶᠢᠭᠡᠮᠯᠢᠭ ᠲᠣᠭᠲᠠᠮᠠᠯ ᠬᠤᠭᠤᠴᠠᠭ᠎ᠠ ᠲᠠᠢ ᠪᠠᠷ ᠮᠠᠨ ᠤ | ᠣᠷᠣᠨ ᠤ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠳᠡᠰ ᠢ ᠦᠨᠡᠯᠡᠨ ᠲᠣᠭᠲᠠᠭᠠᠬᠤ ᠲᠤᠰᠬᠠᠶ ᠮᠡᠷᠭᠡᠵᠢᠯᠲᠡᠨ ᠤ | ᠦᠨᠡᠯᠡᠨ ᠲᠣᠭᠲᠠᠭᠠᠬᠤ ᠵᠥᠪᠯᠡᠯ ᠢ ᠵᠣᠬᠢᠶᠠᠨ ᠪᠠᠶᠢᠭᠤᠯᠵᠤ ᠦᠨᠡᠯᠡᠨ ᠲᠣᠭᠲᠠᠭᠠᠨ᠎ᠠ᠃ | ᠲᠠᠪᠤ᠂ ᠮᠠᠲ᠋ᠧᠷᠢᠶᠠᠯ ᠤᠨ ᠳᠦᠷᠢᠮᠵᠢᠯ ᠪᠠ ᠯᠠᠪᠯᠠᠯᠲᠠ | 1. ᠠᠵᠤ ᠠᠬᠤᠶᠢᠯᠠᠯ ᠠᠴᠠ ᠡᠯ᠎ᠡ ᠳᠡᠰ ᠤᠨ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠳᠡᠰ ᠢ | ᠭᠤᠶᠤᠴᠢᠯᠠᠨ ᠮᠡᠳᠡᠭᠦᠯᠬᠦ ᠳᠤ ᠪᠠᠨ ᠬᠠᠮᠢᠶ᠎ᠠ ᠪᠦᠬᠦᠢ ᠮᠡᠳᠡᠭᠦᠯᠬᠦ ᠬᠦᠰᠦᠨᠦᠭᠲᠦ ᠶᠢ ᠲᠠᠭᠯᠠᠵᠤ᠂ ᠭᠤᠶᠤᠴᠢᠯᠠᠨ | ᠮᠡᠳᠡᠭᠦᠯᠬᠦ ᠮᠠᠲ᠋ᠧᠷᠢᠶᠠᠯ ᠢᠶᠠᠨ ᠪᠡᠯᠡᠳᠬᠡᠬᠦ ᠵᠢᠴᠢ ᠠᠶᠢᠮᠠᠭ ︵ᠬᠤᠲᠠ︶ ᠤᠨ ᠨᠡᠶᠢᠭᠡᠮᠯᠢᠭ ᠠᠴᠠ ᠠᠩᠬ᠎ᠠ ᠬᠢᠨᠠᠬᠤ᠂ | ᠠᠩᠬ᠎ᠠ ᠦᠨᠡᠯᠡᠬᠦ ᠳᠤ ᠴᠥᠮ ᠳᠤᠮᠳᠠᠳᠤ ᠤᠯᠤᠰ ᠤᠨ ᠵᠠᠮ ᠲᠡᠭᠡᠭᠡᠪᠦᠷᠢ ᠶᠢᠨ ᠨᠡᠶᠢᠭᠡᠮᠯᠢᠭ ᠤᠨ ︽ᠵᠠᠮ ᠲᠡᠭᠡᠭᠡᠪᠦᠷᠢ | ᠶᠢᠨ ᠠᠵᠤ ᠠᠬᠤᠶᠢᠯᠠᠯ ᠤᠨ ᠳᠡᠰ ᠢ ᠦᠨᠡᠯᠡᠨ ᠲᠣᠭᠲᠠᠭᠠᠬᠤ ᠳᠤ ᠬᠡᠷᠡᠭᠵᠢᠭᠦᠯᠬᠦ ᠠᠷᠭ᠎ᠠ︾ ︵ᠬᠤᠶᠠᠳᠤᠭᠠᠷ ᠬᠡᠪᠯᠡᠯ︶ | ᠶᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ ᠲᠤᠰ ᠬᠡᠷᠡᠭᠵᠢᠭᠦᠯᠬᠦ ᠠᠷᠭ᠎ᠠ ᠵᠢᠴᠢ ᠬᠠᠮᠢᠶ᠎ᠠ ᠪᠦᠬᠦᠢ ᠬᠦᠰᠦᠨᠦᠭᠲᠦ | ᠶᠢ ᠥᠪᠥᠷ ᠮᠣᠩᠭᠤᠯ ᠤᠨ ᠵᠠᠮ ᠲᠡᠭᠡᠭᠡᠪᠦᠷᠢ ᠶᠢᠨ ᠨᠡᠶᠢᠭᠡᠮᠯᠢᠭ ᠤᠨ ᠨᠠᠷᠢᠨ ᠪᠢᠴᠢᠭ ᠤᠨ ᠭᠠᠵᠠᠷ ᠲᠠᠢ ᠬᠠᠷᠢᠯᠴᠠᠵᠤ | ᠪᠠᠭᠤᠯᠭᠠᠨ ᠠᠪᠴᠤ ᠪᠣᠯᠤᠨ᠎ᠠ᠃ | 2. ᠡᠯ᠎ᠡ ᠠᠶᠢᠮᠠᠭ ︵ᠬᠤᠲᠠ︶ ᠤᠨ ᠵᠠᠮ ᠲᠡᠭᠡᠭᠡᠪᠦᠷᠢ ︵ᠵᠠᠮ ᠬᠠᠷᠢᠯᠴᠠᠭ᠎ᠠ︶ ᠶᠢᠨ ᠨᠡᠶᠢᠭᠡᠮᠯᠢᠭ ᠲᠤᠰ ᠣᠨ ᠤ | ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠦᠨᠡᠯᠡᠨ ᠲᠣᠭᠲᠠᠭᠠᠬᠤ ᠬᠤᠯᠪᠣᠭᠳᠠᠯ ᠪᠦᠬᠦᠢ ᠶᠠᠪᠤᠳᠠᠯ ᠢ ᠴᠠᠭ | ᠲᠤᠬᠠᠶ ᠳᠤ ᠨᠢ ᠲᠤᠰ ᠬᠤᠲᠠ ᠶᠢᠨ ᠬᠡᠪᠴᠢᠶᠡᠨ ᠳᠣᠲᠣᠷᠠᠬᠢ ᠬᠠᠮᠢᠶ᠎ᠠ ᠪᠦᠬᠦᠢ ᠵᠠᠮ ᠲᠡᠭᠡᠭᠡᠪᠦᠷᠢ ᠶᠢᠨ ᠠᠵᠤ | ᠠᠬᠤᠶᠢᠯᠠᠯ ᠳᠤ ᠮᠡᠳᠡᠭᠳᠡᠬᠦ ᠬᠡᠷᠡᠭᠲᠡᠶ᠃ ᠠᠵᠤ ᠠᠬᠤᠶᠢᠯᠠᠯ ᠬᠡᠷᠪᠡ ᠮᠠᠳᠠᠭ ᠲᠠᠢ ᠵᠦᠢᠯ ᠪᠠᠶᠢᠪᠠᠯ ᠰᠢᠭᠤᠳ ᠮᠠᠨ ᠤ | ᠨᠡᠶᠢᠭᠡᠮᠯᠢᠭ ᠠᠴᠠ ᠠᠰᠠᠭᠤᠨ ᠯᠠᠪᠯᠠᠵᠤ ᠪᠣᠯᠤᠨ᠎ᠠ᠃ | ᠬᠠᠷᠢᠯᠴᠠᠬᠤ ᠬᠥᠮᠦᠨ᠄ ᠾᠧ ᠯᠢᠩ | ᠤᠲᠠᠰᠤ᠄ 13948718812 | ᠢᠮᠧᠯ᠄ 745221136@qq.com | | ᠥᠪᠥᠷ ᠮᠣᠩᠭᠤᠯ ᠤᠨ ᠵᠠᠮ ᠲᠡᠭᠡᠭᠡᠪᠦᠷᠢ ᠶᠢᠨ ᠨᠡᠶᠢᠭᠡᠮᠯᠢᠭ | 2025 ᠣᠨ ᠤ 4 ᠳ᠋ᠦ᠋ᠭᠡᠷ ᠰᠠᠷ᠎ᠠ ᠶᠢᠨ 9 ᠤ ᠡᠳᠦᠷ |