4 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ | 2025 ᠣᠨ ᠤ 18 ᠳ᠋ᠤᠭᠠᠷ ᠤᠳᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠭᠤᠷ ᠠᠮᠢᠰᠬᠤᠯ ᠪᠠ ᠲᠥᠪ ᠭᠤᠤᠯᠴᠢ ᠪᠠᠷ | ᠬᠡᠯᠪᠡᠷᠢ ᠪᠠᠨ ᠬᠤᠪᠢᠷᠠᠭᠤᠯᠬᠤ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠬᠤᠶᠠᠷ ᠢ ᠬᠦᠷᠢᠶᠡᠯᠡᠬᠦ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠵᠢᠴᠢ 4 ᠳ᠋ᠦ᠋ᠭᠡᠷ ᠰᠠᠷ᠎ᠠ ᠶᠢᠨ 25 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠬᠤᠷᠠᠯ ᠪᠠ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠬᠤᠷᠠᠯ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠭᠤᠷ ᠠᠮᠢᠰᠬᠤᠯ ᠪᠣᠯᠤᠨ ᠲᠥᠪ ᠭᠤᠣᠯᠴᠢ ᠪᠠᠷ | ᠬᠡᠯᠪᠡᠷᠢ ᠪᠠᠨ ᠬᠤᠪᠢᠷᠠᠭᠤᠯᠬᠤ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ | ᠲᠦᠷᠭᠡᠳᠬᠡᠨ ᠠᠬᠢᠭᠤᠯᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠨᠡᠭᠦᠷᠡᠰᠦᠲᠥ᠋ᠷᠥᠭᠴᠢ ᠶᠢᠨ | ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠣᠨ ᠤ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠵᠢᠯ ᠤᠨ ᠠᠬᠢᠴᠠ ᠶᠢ ᠲᠣᠭᠲᠠᠮᠠᠯ | ᠬᠤᠭᠤᠴᠠᠭ᠎ᠠ ᠲᠠᠢ ᠪᠠᠷ ᠲᠤᠬᠢᠷᠠᠭᠤᠯᠵᠤ᠂ ᠲᠤᠪᠤᠶᠢᠮ᠎ᠠ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ᠂ | ᠣᠨ ᠤ ᠬᠠᠷᠠᠯᠲᠠ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠳᠤ ᠭᠠᠷᠭᠠᠭᠰᠠᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠨᠡᠪᠲᠡᠷᠡᠯᠴᠡᠨ | ᠵᠣᠬᠢᠴᠠᠭᠤᠯᠬᠤ ᠪᠠᠨ ᠨᠢᠭᠲᠠᠷᠠᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ ᠬᠠᠷᠢᠯᠴᠠᠨ ᠪᠣᠳᠠᠲᠤ ᠶᠠᠪᠤᠳᠠᠯ | ᠬᠢᠬᠦ ᠬᠤᠤᠰ ᠨᠠᠷᠢᠨ ᠲᠠᠩᠰᠠ ᠶᠢ ᠪᠠᠶᠢᠭᠤᠯᠤᠨ ᠰᠠᠶᠢᠲᠤᠷ ᠨᠠᠶᠢᠳᠠᠪᠤᠷᠢᠵᠢᠭᠤᠯᠵᠤ᠂ ᠨᠠᠩ ᠣᠯᠠᠨ ᠬᠠᠮᠵᠢᠯᠴᠠᠭᠠᠨ ᠤ | ᠦᠷ᠎ᠡ ᠪᠦᠲᠦᠭᠡᠯ ᠢ ᠪᠣᠶ ᠪᠣᠯᠭᠠᠵᠤ᠂ ᠬᠤᠶᠠᠷ ᠢ ᠬᠦᠷᠢᠶᠡᠯᠡᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠣᠳᠣᠬᠠᠨ ᠤ | ᠠᠵᠤ ᠠᠬᠤᠢ ᠶᠢᠨ ᠪᠠᠶᠢᠳᠠᠯ ᠤᠨ ᠲᠤᠬᠠᠢ ᠮᠠᠭᠠᠳᠯᠠᠯᠲᠠ ᠳᠡᠭᠡᠷ᠎ᠡ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ | ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠵᠤ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ | ᠬᠢᠬᠦ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠬᠦ | ᠲᠣᠭᠲᠠᠴᠠ ᠶᠢ ᠲᠡᠭᠦᠯᠳᠡᠷᠵᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶ ᠶᠢᠨ ᠠᠵᠢᠯᠯᠠᠭᠠᠨ ᠤ | ᠪᠠᠶᠢᠳᠠᠯ ᠢ ᠭᠦᠨᠵᠡᠭᠡᠶ ᠵᠠᠳᠠᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ | ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠳᠤ ᠦᠢᠯᠡᠴᠢᠯᠡᠬᠦ ᠬᠡᠷᠡᠭᠲᠡᠶ᠃ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ | ᠲᠤᠬᠢᠷᠠᠭᠤᠯᠤᠯᠳᠠ ᠶᠢ ᠬᠦᠴᠦᠯᠡᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ︽ᠨᠢᠭᠡᠳᠦᠯᠲᠡᠢ ᠪᠥᠭᠡᠳ ᠨᠡᠭᠡᠭᠡᠯᠲᠡᠲᠡᠢ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠢ | ᠲᠦᠷᠭᠡᠪᠴᠢᠯᠡᠨ ᠪᠠᠶᠢᠭᠤᠯᠬᠤ ᠰᠠᠨᠠᠯ︾ ᠤᠨ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠨᠠᠷᠢᠨ | ᠬᠠᠭᠤᠳᠠᠰᠤ ᠶᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠳᠤ ᠱᠠᠯᠠᠪᠳᠠᠨ ᠮᠡᠳᠡᠭᠦᠯᠦᠨ ᠲᠣᠭᠲᠠᠭᠠᠯᠭᠠᠵᠤ᠂ | ᠳᠠᠷᠤᠮᠠᠯᠯᠠᠨ ᠲᠠᠷᠬᠠᠭᠠᠬᠤ ᠶᠢ ᠲᠦᠷᠭᠡᠬᠡᠨ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠰᠡᠳᠬᠢᠬᠦᠢ ᠶᠢ | ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠰᠠᠶᠢᠲᠤᠷ | ᠠᠳᠬᠤᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠡᠵᠡᠩᠨᠡᠯᠲᠡ ᠶᠢᠨ | ᠬᠠᠭᠤᠴᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢᠨ ᠬᠡᠷᠡᠭᠵᠢᠭᠦᠯᠬᠦ ᠨᠠᠷᠢᠨ ᠲᠦᠷᠢᠮ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠰᠢᠨ᠎ᠡ ᠡᠨᠧᠷᠭᠢ ᠶᠢᠨ ᠬᠤᠲᠠ ᠶᠢᠨ | ᠨᠡᠶᠢᠲᠡ ᠶᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ ᠤ ᠳ᠋ᠢᠶᠠᠨ ᡂᠢ ᠶᠢ ᠰᠢᠨᠡᠳᠬᠡᠬᠦ ᠨᠥᠬᠦᠪᠥᠷᠢ ᠶᠢᠨ ᠪᠣᠳᠠᠲᠠᠶ | ᠬᠡᠷᠡᠭᠵᠢᠭᠦᠯᠬᠦ ᠨᠠᠷᠢᠨ ᠲᠦᠷᠢᠮ︾ ᠢ ᠰᠤᠳᠤᠯᠤᠨ ᠪᠠᠲᠤᠯᠠᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠵᠠᠮ ᠲᠡᠭᠡᠭᠡᠪᠦᠷᠢ ᠶᠢᠨ ᠡᠵᠡᠩᠨᠡᠯᠲᠡ ᠶᠢᠨ | ᠡᠷᠦᠬᠡ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠡᠵᠡᠩᠨᠡᠯᠲᠡ ᠶᠢᠨ ᠬᠠᠭᠤᠴᠢᠨ ᠲᠡᠷᠭᠡ ᠬᠥᠰᠬᠡ ᠶᠢ | ᠰᠠᠨᠠᠭᠠᠴᠢᠯᠠᠭ᠎ᠠ ᠠᠴᠠ ᠪᠠᠨ ᠬᠡᠷᠡᠭᠯᠡᠭᠡᠨ ᠠᠴᠠ ᠭᠠᠷᠭᠠᠵᠤ ᠰᠢᠨᠡᠳᠬᠡᠨ᠂ ᠵᠠᠮ ᠲᠡᠭᠡᠭᠡᠪᠦᠷᠢ ᠶᠢᠨ ᠶᠡᠭᠡ ᠬᠡᠪᠴᠢᠶᠡᠨ ᠤ | ᠲᠥᠬᠦᠭᠡᠷᠦᠮᠵᠢ ᠶᠢ ᠰᠢᠨᠡᠳᠬᠡᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |