ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠵᠠᠰᠠᠮᠠᠯ ᠵᠠᠮ ᠤᠨ ᠨᠡᠪᠲᠡᠷᠡᠬᠦ ᠰᠦᠢᠳᠭᠡᠯ ᠲᠠᠲᠠᠪᠤᠷᠢᠯᠠᠬᠤ | ᠲᠥᠪ ᠨᠢ ᠰᠦᠢᠳᠭᠡᠯ ᠬᠤᠷᠢᠶᠠᠬᠤ ᠡᠯ᠎ᠡ ᠥᠷᠲᠡᠭᠡ ᠶᠢ ᠵᠣᠬᠢᠶᠠᠨ ᠪᠠᠶᠢᠭᠤᠯᠵᠤ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠲᠣᠬᠠᠶᠢᠯᠠᠭᠰᠠᠨ ᠠᠵᠢᠯ ᠤᠨ ᠪᠣᠯᠪᠠᠰᠤᠷᠠᠯ | ᠥᠷᠨᠢᠭᠦᠯᠪᠡ᠃ | ᠲᠣᠰ ᠤᠳᠠᠭᠠᠨ ᠤ ᠪᠣᠯᠪᠠᠰᠤᠷᠠᠯ ᠨᠢ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠡᠬᠢ ᠪᠠᠶᠠᠯᠢᠭ ᠢ | ᠠᠷᠪᠢᠯᠠᠬᠤ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠲᠤᠭ᠎ᠠ ᠪᠠᠷᠢᠮᠲᠠ ᠶᠢ ᠲᠠᠭᠯᠠᠨ | ᠮᠡᠳᠡᠭᠦᠯᠬᠦ᠂ ᠠᠷᠪᠢᠯᠠᠨ ᠭᠠᠮᠨᠠᠬᠤ ᠬᠡᠯᠪᠡᠷᠢ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠵᠢᠱᠢᠶ᠎ᠡ ᠦᠵᠡᠭᠦᠯᠬᠦ | ᠨᠢᠭᠡᠴᠢ ᠵᠢᠴᠢ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠤᠨ ᠰᠢᠯᠭᠠᠨ ᠬᠢᠨᠠᠵᠤ ᠦᠨᠡᠯᠡᠬᠦ | ᠬᠦᠰᠦᠨᠦᠭᠲᠦ ᠶᠢ ᠲᠠᠭᠯᠠᠨ ᠮᠡᠳᠡᠭᠦᠯᠬᠦ ᠵᠡᠷᠭᠡ ᠲᠠᠯ᠎ᠠ ᠳᠤ ᠴᠢᠭᠯᠡᠭᠦᠯᠦᠨ᠂ ᠡᠨᠧᠷᠭᠢ ᠠᠷᠪᠢᠯᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠥᠨᠳᠥᠷ ᠪᠦᠲᠦᠮᠵᠢᠲᠡᠶ ᠠᠵᠢᠯᠯᠠᠭᠠᠨ ᠤ ᠲᠠᠯ᠎ᠠ ᠠᠴᠠ ᠡᠭᠦᠰᠴᠦ᠂ | ᠡᠳᠦᠷ ᠲᠤᠲᠤᠮ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ | ᠵᠠᠳᠠᠯᠬᠤ ᠶᠢᠨ ᠬᠠᠮᠲᠤ ᠬᠠᠨᠳᠤᠯᠭᠠᠲᠤ ᠴᠢᠨᠠᠷ ᠢᠶᠠᠷ ᠴᠢᠩᠭ᠎ᠠ᠂ ᠪᠣᠯᠤᠮᠵᠢᠲᠤ ᠴᠢᠨᠠᠷ ᠤᠨ ᠪᠣᠳᠠᠲᠠᠶ ᠰᠠᠨᠠᠭᠤᠯᠭ᠎ᠠ | ᠳᠤᠷᠠᠳᠪᠠ᠃ | ᠪᠣᠯᠪᠠᠰᠤᠷᠠᠯ ᠢᠶᠠᠷ ᠳᠠᠮᠵᠢᠭᠤᠯᠤᠨ᠂ ᠪᠥᠬᠦ ᠰᠢᠰᠲ᠋ᠧᠮ ᠤᠨ ᠠᠵᠢᠯᠲᠠᠨ ᠠᠵᠢᠯᠴᠢᠨ ᠤ ᠡᠨᠧᠷᠭᠢ ᠠᠷᠪᠢᠯᠠᠵᠤ | ᠬᠤᠷᠣᠭᠳᠠᠯ ᠢ ᠪᠠᠭᠠᠰᠬᠠᠬᠤ ᠦᠵᠡᠯ ᠤᠬᠠᠮᠰᠠᠷ ᠪᠠ ᠡᠯ᠎ᠡ ᠵᠦᠢᠯ ᠤᠨ ᠪᠤᠳᠤᠯᠢᠶᠠᠨᠲᠠᠶ ᠲᠤᠭ᠎ᠠ ᠪᠠᠷᠢᠮᠲᠠ ᠶᠢ ᠲᠠᠭᠯᠠᠨ | ᠮᠡᠳᠡᠭᠦᠯᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ | ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠪᠠᠲᠤ ᠪᠠᠬᠢ | ᠰᠠᠭᠤᠷᠢ ᠶᠢ ᠲᠠᠯᠪᠢᠵᠤ ᠥᠭᠭᠦᠨ᠎ᠡ᠃ ︵ ᠲᠠᠢ ᠶᠠᠩ︶ |