4 ᠳ᠋ᠦ᠋ᠭᠡᠷ ᠰᠠᠷ᠎ᠠ ᠶᠢᠨ 23 ᠤ ᠡᠳᠦᠷ᠂ ᠲᠦᠷᠦ ᠶᠢᠨ ᠪᠣᠳᠤᠯᠭ᠎ᠠ ᠰᠣᠳᠤᠯᠠᠬᠤ ᠲᠠᠰᠤᠭ ᠤᠨ ᠨᠠᠮ ᠤᠨ ᠡᠭᠦᠷ ᠤᠨ | ᠡᠭᠡᠯᠵᠢ ᠵᠢᠵᠢᠭᠦᠷ ︽ᠬᠤᠲᠠ ᠶᠢᠨ ᠬᠥᠭᠵᠢᠯᠲᠡ ᠶᠢ ᠡᠷᠭᠢᠴᠡᠭᠦᠯᠵᠦ ᠵᠠᠮ ᠬᠠᠷᠢᠯᠴᠠᠭᠠᠨ ᠤ ᠰᠢᠨ᠎ᠡ ᠬᠠᠭᠤᠳᠠᠰᠤ ᠶᠢ | ᠬᠠᠮᠲᠤ ᠪᠠᠷ ᠪᠢᠴᠢᠭᠯᠡᠶ᠎ᠡ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠲᠢᠩᠬᠢᠮ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠢ ᠶᠢᠨ ᠨᠠᠮ ᠤᠨ ᠡᠭᠦᠷ᠂ ᠲᠢᠩᠬᠢᠮ ᠤᠨ | ᠪᠠᠶᠢᠭᠤᠯᠭ᠎ᠠ ᠶᠢᠨ ᠨᠠᠮ ᠤᠨ ᠶᠡᠷᠦᠩᠬᠡᠶ ᠡᠭᠦᠷ᠂ ᠡᠯ᠎ᠡ ᠨᠠᠮ ᠤᠨ ᠡᠭᠦᠷ ᠤᠨ 30 ᠭᠠᠷᠤᠶ ᠨᠠᠮ ᠤᠨ ᠭᠡᠰᠢᠭᠦᠨ | ᠣᠷᠣᠯᠴᠠᠵᠠᠶ᠃ | | | | ᠠᠵᠢᠯᠯᠠᠭ᠎ᠠ ᠶᠢᠨ ᠬᠤᠭᠤᠴᠠᠭᠠᠨ ᠳᠤ᠂ ᠪᠦᠬᠦ ᠨᠠᠮ ᠤᠨ ᠭᠡᠰᠢᠭᠦᠳ ᠬᠥᠬᠡᠬᠤᠲᠠ ᠶᠢᠨ ᠬᠤᠳᠠ ᠶᠢᠨ | ᠲᠥᠯᠥᠪᠵᠢᠭᠦᠯᠭᠡ ᠶᠢᠨ ᠣᠷᠳᠣᠨ ᠳᠤ ᠰᠡᠷᠭᠦᠭᠡᠯᠲᠡ ᠶᠢᠨ ᠵᠠᠭᠪᠤᠷ᠂ LED ᠲᠣᠭᠠᠴᠢᠯᠠᠭᠰᠠᠨ ᠡᠯᠡᠰᠦᠨ ᠴᠡᠷ᠎ᠠ᠂ | ᠲᠥᠯᠥᠪᠵᠢᠭᠦᠯᠭᠡ ᠶᠢᠨ ᠡᠯᠡᠰᠦᠨ ᠴᠡᠷ᠎ᠠ ᠶᠢ ᠰᠣᠨᠢᠷᠬᠠᠵᠤ᠂ ᠬᠥᠬᠡᠬᠤᠲᠠ ᠶᠢᠨ ᠬᠤᠳᠠ ᠶᠢᠨ ᠬᠥᠭᠵᠢᠯᠲᠡ ᠶᠢᠨ | ᠶᠠᠪᠤᠴᠠ᠂ ᠪᠦᠳᠦᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ᠂ ᠶᠡᠷᠦᠩᠬᠡᠢ ᠲᠥᠯᠥᠪᠵᠢᠭᠦᠯᠭᠡ᠂ ᠲᠡᠦᠬᠡ ᠰᠣᠶᠣᠯ | ᠵᠡᠷᠭᠡ ᠶᠢ ᠭᠦᠨᠵᠡᠭᠡᠢ ᠣᠶᠢᠯᠠᠭᠠᠵᠤ᠂ ᠬᠥᠬᠡᠬᠤᠲᠠ ᠶᠢᠨ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠭ᠎ᠠ | ᠬᠥᠭᠵᠢᠯᠲᠡ ᠬᠤᠪᠢᠷᠠᠯᠲᠠ ᠶᠢ ᠰᠢᠭᠤᠳ ᠣᠶᠢᠯᠠᠭᠠᠵᠤ᠂ ︽ᠲᠠᠪᠤᠨ ᠥᠭᠦᠯᠡᠪᠦᠷᠢ ᠦᠭᠡ︾ ᠶᠢᠨ ᠪᠣᠳᠠᠲᠤ ᠶᠠᠪᠤᠳᠠᠯ | ᠪᠠ ᠶᠣᠰᠣ ᠤᠴᠢᠷ ᠢ ᠭᠦᠨᠵᠡᠭᠡᠢ ᠣᠶᠢᠯᠠᠭᠠᠪᠠ᠃ | ᠤᠯᠠᠨ ᠢᠶᠠᠷ ᠢᠶᠠᠨ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ | ᠤᠷᠤᠭᠰᠢᠯᠠᠵᠤ᠂ ︽12566︾ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠷᠭᠠᠭᠤ | ᠬᠠᠲᠠᠭᠤᠵᠢᠯᠲᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠵᠦ᠂ ᠵᠠᠮ ᠬᠠᠷᠢᠯᠴᠠᠭᠠᠨ ᠤ | ᠬᠦᠴᠦᠷᠬᠡᠭ ᠤᠯᠤᠰ ᠢ ᠴᠢᠷᠮᠠᠶᠢᠨ ᠪᠦᠳᠦᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠬᠤᠶᠠᠷ ᠶᠡᠭᠡ | ᠶᠠᠪᠤᠳᠠᠯ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠪᠢᠴᠢᠭᠯᠡᠬᠦ ᠳᠤ ᠵᠠᠮ ᠬᠠᠷᠢᠯᠴᠠᠭᠠᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ |