ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠶᠢᠨ ᠳᠣᠯᠣᠳᠤᠭᠠᠷ ᠰᠠᠯᠪᠤᠷᠢ ᠠᠩᠭᠢ ᠶᠢᠨ ᠠᠷᠪᠠᠳᠤᠭᠠᠷ ᠶᠡᠭᠡ | ᠠᠩᠭᠢ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ | ᠥᠷᠨᠢᠭᠦᠯᠵᠦ᠂ ︽5.1︾ ᠤ ᠠᠮᠠᠷᠠᠯᠲᠠ ᠶᠢᠨ ᠬᠤᠭᠤᠴᠠᠭᠠᠨ ᠳᠤ ᠬᠠᠷᠢᠶᠠᠲᠤ ᠣᠷᠣᠨ ᠤ ᠳᠡᠭᠡᠳᠦ ᠬᠤᠷᠳᠤ ᠶᠢᠨ | ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃ | | | | ᠲᠣᠰ ᠤᠳᠠᠭᠠᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠨᠢ ᠬᠥᠭᠦᠷᠭᠡ ᠶᠢᠨ ᠭᠤᠯᠳᠤᠩ᠂ ᠵᠠᠮ ᠤᠨ | ᠭᠠᠳᠠᠷᠭᠤ᠂ ᠲᠠᠲᠠᠭᠤᠷᠭ᠎ᠠ ᠬᠡᠷᠡᠰᠬᠡ᠂ ᠳᠣᠯᠭᠢᠶᠠᠨ ᠬᠡᠯᠪᠡᠷᠢᠲᠦ ᠮᠥᠷᠭᠦᠯᠳᠦᠬᠦ ᠠᠴᠠ ᠰᠡᠷᠭᠡᠶᠢᠯᠡᠬᠦ ᠬᠡᠷᠡᠰᠬᠡ᠂ ᠲᠡᠮᠳᠡᠭ | ᠫᠠᠶᠢᠰᠠ᠂ ᠬᠠᠵᠠᠭᠤ ᠬᠥᠲᠥᠯ ᠵᠡᠷᠭᠡ ᠪᠠᠷ ᠭᠤᠤᠯᠳᠠᠯᠭ᠎ᠠ ᠪᠣᠯᠭᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ | ᠠᠰᠠᠭᠤᠳᠠᠯ ᠢ ᠠᠷᠠᠴᠢᠯᠠᠨ ᠬᠠᠮᠠᠭᠠᠯᠠᠬᠤ ᠰᠠᠯᠠᠭ᠎ᠠ ᠮᠥᠴᠢᠷ ᠲᠠᠢ ᠴᠠᠭ ᠲᠤᠬᠠᠶ ᠳᠤ ᠨᠢ ᠬᠠᠷᠢᠯᠴᠠᠵᠤ᠂ ᠬᠠᠮᠢᠶ᠎ᠠ ᠪᠥᠬᠦᠶ | ᠨᠢᠭᠡᠴᠢ ᠶᠢ ᠴᠠᠭ ᠲᠤᠬᠠᠶ ᠳᠤᠨᠢ ᠰᠡᠯᠪᠢᠨ ᠵᠠᠰᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ | ᠵᠢᠭᠰᠠᠭᠠᠨ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠵᠠᠮ ᠲᠠᠢ ᠬᠤᠯᠪᠣᠭᠳᠠᠭᠰᠠᠨ | ᠪᠠᠷᠢᠯᠭ᠎ᠠ ᠶᠢᠨ ᠵᠠᠮ ᠤᠨ ᠬᠡᠰᠡᠭ ᠲᠤ ᠭᠦᠨᠵᠡᠭᠡᠶᠢᠷᠡᠵᠦ᠂ ᠪᠠᠷᠢᠯᠭ᠎ᠠ ᠶᠢᠨ ᠠᠵᠢᠯ ᠤᠨ ᠠᠵᠢᠯᠲᠠᠨ ᠤ ᠠᠮᠤᠷ ᠲᠦᠪᠰᠢᠨ ᠤ | ᠬᠠᠮᠠᠭᠠᠯᠠᠯᠲᠠ᠂ ᠪᠠᠷᠢᠯᠭ᠎ᠠ ᠶᠢᠨ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠤ ᠲᠡᠮᠳᠡᠭ ᠲᠠᠯᠪᠢᠭᠰᠠᠨ ᠵᠡᠷᠭᠡ | ᠠᠰᠠᠭᠤᠳᠠᠯ ᠢ ᠳᠠᠷᠠᠭᠠᠯᠠᠨ ᠪᠠᠶᠢᠴᠠᠭᠠᠵᠤ᠂ ᠪᠠᠷᠢᠯᠭ᠎ᠠ ᠶᠢᠨ ᠠᠵᠢᠯ ᠤᠨ ᠵᠢᠷᠤᠮᠵᠢᠭᠤᠨ ᠪᠥᠭᠡᠳ ᠠᠮᠤᠷ ᠲᠦᠪᠰᠢᠨ ᠢ | ᠦᠨᠡᠨ ᠬᠦ ᠪᠠᠲᠤᠯᠠᠪᠠ᠃ ︵ᠰᠢᠶᠧ ᠬᠦᠢ ᠰᠢᠶᠠᠨ︶ |