ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠤᠨ ᠬᠥᠭᠵᠢᠯᠲᠡ ᠶᠢᠨ ᠲᠥᠪ ᠤᠨ ᠬᠢᠨ ᠠᠴᠢᠶᠠᠨ ᠤ ᠮᠠᠰᠢᠨ ᠲᠡᠷᠭᠡᠨ ᠤ ᠵᠢᠯᠣᠭᠤᠴᠢ ᠶᠢ ᠬᠠᠯᠠᠮᠵᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/29
    4 ᠳ᠋ᠦ᠋ᠭᠡᠷ ᠰᠠᠷ᠎ᠠ ᠶᠢᠨ 24 ᠤ ᠦᠳᠡ ᠶᠢᠨ ᠡᠮᠦᠨ᠎ᠡ᠂ ᠬᠥᠭᠵᠢᠯᠲᠡ ᠶᠢᠨ ᠲᠥᠪ ᠤᠨ ᠡᠯ᠎ᠡ ᠨᠠᠮ ᠤᠨ ᠡᠭᠦᠷ ᠬᠠᠮᠲᠤᠷᠠᠨ ᠠᠴᠢᠶᠠᠨ ᠤ ᠮᠠᠰᠢᠨ ᠲᠡᠷᠭᠡᠨ ᠤ ᠵᠢᠯᠣᠭᠤᠴᠢ ᠶᠢ ᠬᠠᠯᠠᠮᠵᠢᠯᠠᠬᠤ ᠠᠵᠢᠯᠯᠠᠭ᠎ᠠ ᠥᠷᠨᠢᠭᠦᠯᠪᠡ᠃
0429-1.png
    ᠠᠵᠢᠯᠯᠠᠭ᠎ᠠ ᠶᠢᠨ ᠬᠤᠭᠤᠴᠠᠭᠠᠨ ᠳᠤ᠂ ᠨᠠᠮ ᠤᠨ ᠭᠡᠰᠢᠭᠦᠨ ᠺᠠᠳ᠋ᠷ ᠬᠠᠷᠬᠤᠰᠤ ᠦᠶᠯᠡᠴᠢᠯᠡᠭᠡᠨ ᠤ ᠲᠣᠭᠤᠷᠢᠭ  ᠲᠤ ᠠᠴᠢᠶᠠᠨ ᠤ ᠮᠠᠰᠢᠨ ᠲᠡᠷᠭᠡᠨ ᠤ ᠵᠢᠯᠣᠭᠤᠴᠢ ᠲᠠᠢ ᠨᠢᠭᠤᠷᠳᠠᠨ ᠶᠠᠷᠢᠯᠴᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠤᠬᠢᠶᠠᠯᠭ᠎ᠠ ᠶᠢᠨ ᠪᠣᠭᠴᠣ᠂ ᠤᠰᠤᠨ ᠴᠣᠮᠣ ᠵᠡᠷᠭᠡ ᠶᠢ ᠬᠦᠷᠭᠡᠪᠡ᠃
0429-2.jpg
0429-3.png
    ᠣᠶᠢᠷ᠎ᠠ ᠶᠢᠨ ᠵᠢᠯ ᠤᠨ ᠲᠤᠷᠰᠢ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠤᠨ ᠬᠥᠭᠵᠢᠯᠲᠡ ᠶᠢᠨ ᠲᠥᠪ ᠨᠢ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠪᠠᠷ ᠠᠵᠢᠯ ᠣᠯᠤᠭᠰᠠᠨ ᠬᠥᠮᠦᠰ ᠤᠨ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠴᠢᠶᠠᠨ ᠤ ᠮᠠᠰᠢᠨ ᠲᠡᠷᠭᠡᠨ ᠤ ᠵᠢᠯᠣᠭᠤᠴᠢ᠂ ᠰᠦᠯᠵᠢᠶ᠎ᠡ ᠪᠠᠷ ᠪᠣᠯᠵᠤᠬᠤ ᠮᠠᠰᠢᠨ ᠲᠡᠷᠭᠡᠨ ᠤ ᠵᠢᠯᠣᠭᠤᠴᠢ ᠨᠤᠭᠤᠳ ᠢ ᠬᠥᠲᠥᠯᠥᠨ ᠵᠢᠯᠣᠭᠤᠳᠬᠤ ᠪᠠ ᠦᠶᠯᠡᠴᠢᠯᠡᠬᠦ  ᠶᠢ ᠬᠦᠴᠦᠯᠡᠨ ᠴᠢᠩᠭᠠᠳᠬᠠᠪᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠤᠨ ᠬᠥᠭᠵᠢᠯᠲᠡ ᠶᠢᠨ ᠲᠥᠪ ᠦᠷᠭᠦᠯᠵᠢᠯᠡᠨ ᠠᠩᠬᠠᠷᠤᠯ ᠢᠶᠠᠨ ᠲᠦᠪᠯᠡᠷᠡᠭᠦᠯᠵᠦ᠂ ᠠᠵᠢᠯ ᠳᠤ ᠰᠢᠨ᠎ᠡ ᠳᠦᠷᠰᠦ ᠪᠠᠶᠢᠳᠠᠯ ᠭᠠᠷᠭᠠᠨ᠂ ᠰᠢᠨ᠎ᠡ ᠦᠷ᠎ᠡ ᠪᠦᠲᠦᠮᠵᠢ ᠤᠯᠬᠤ ᠳᠤ ᠬᠦᠴᠦᠨ ᠴᠢᠷᠮᠠᠶᠢᠬᠤ ᠪᠣᠯᠣᠨ᠎ᠠ᠃
0429-4.png
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号