ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠡᠪᠯᠡᠯ ᠤᠨ ᠬᠤᠷᠢᠶ᠎ᠠ ᠪᠠᠶᠢᠭᠤᠯᠭ᠎ᠠ ᠶᠢᠨ ᠵᠠᠯᠠᠭᠤᠴᠤᠳ ᠤᠨ | ᠣᠨᠣᠯ ᠰᠤᠷᠤᠯᠴᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠬᠠᠮᠲᠤ ᠶᠢᠨ ᠰᠤᠷᠤᠯᠴᠠᠯᠭ᠎ᠠ ᠰᠣᠯᠢᠯᠴᠠᠭ᠎ᠠ ᠶᠢ ᠥᠷᠨᠢᠭᠦᠯᠪᠡ᠃ | ᠡᠨᠡ ᠬᠤᠭᠤᠴᠠᠭᠠᠨ ᠳᠤ᠂ ᠪᠠᠶᠢᠭᠤᠯᠭ᠎ᠠ ᠶᠢᠨ ᠪᠦᠬᠦ ᠵᠠᠯᠠᠭᠤ ᠺᠠᠳ᠋ᠷᠴᠤᠳ ᠢ ᠵᠣᠬᠢᠶᠠᠨ ᠪᠠᠶᠢᠭᠤᠯᠤᠨ ︽ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠶᠢ | ᠲᠡᠷᠡ ᠬᠡᠪ ᠢᠶᠠᠷ ᠨᠢ ᠰᠤᠷᠤᠯᠴᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠢ ᠲᠠᠬᠢᠨ ᠡᠷᠭᠢᠴᠡᠭᠦᠯᠵᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠵᠠᠯᠠᠭᠤ | ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ | ᠭᠦᠨᠵᠡᠭᠡᠢ ᠲᠠᠨᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠰᠡᠳᠬᠢᠯ ᠳᠤ ᠪᠠᠨ ᠵᠢᠷᠦᠭᠡᠰᠢᠶᠡᠯ ᠲᠠᠢ᠂ | ᠦᠭᠡ ᠬᠡᠯᠡᠬᠦ ᠳᠤ ᠪᠠᠨ ᠴᠡᠭᠡᠷ ᠲᠠᠢ᠂ ᠦᠢᠯᠡ ᠠᠵᠢᠯᠯᠠᠭ᠎ᠠ ᠳᠤ ᠪᠠᠨ ᠬᠤᠷᠢᠭ᠎ᠠ ᠲᠠᠢ ᠪᠠᠶᠢᠬᠤ ᠶᠢ ᠦᠨᠡᠨ ᠬᠦ | ᠪᠡᠶᠡᠯᠡᠭᠦᠯᠪᠡ᠃ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠪᠤᠷᠤᠭᠤ ᠲᠠᠯ᠎ᠠ ᠶᠢᠨ | ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠰᠤᠷᠤᠯᠴᠠᠨ ᠲᠠᠶᠢᠯᠪᠤᠷᠢᠯᠠᠬᠤ ᠶᠢᠨ ᠬᠠᠮᠲᠤ ︽ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠵᠣᠷᠢᠭᠵᠢᠭᠤᠯᠬᠤ︾ ᠪᠠᠷ ᠭᠤᠣᠯ ᠰᠡᠳᠦᠪ ᠪᠣᠯᠭᠠᠵᠤ ᠵᠠᠯᠠᠭᠤ ᠺᠠᠳ᠋ᠷᠴᠤᠳ ᠲᠠᠢ ᠰᠤᠳᠤᠯᠤᠨ ᠶᠠᠷᠢᠯᠴᠠᠵᠤ | ᠰᠠᠨᠠᠯ ᠢᠶᠠᠨ ᠰᠣᠯᠢᠯᠴᠠᠪᠠ᠃ ᠵᠠᠯᠠᠭᠤ ᠺᠠᠳ᠋ᠷᠴᠤᠳ ᠥᠪᠡᠷ ᠤᠨ ᠰᠤᠷᠤᠯᠴᠠᠯᠭ᠎ᠠ ᠵᠢᠴᠢ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠭᠤᠤᠯᠳᠠᠯᠭ᠎ᠠ ᠲᠠᠢ | ᠠᠵᠢᠯ ᠤᠨ ᠡᠭᠦᠷᠭᠡ ᠵᠡᠷᠭᠡ ᠪᠣᠳᠠᠲᠠᠶ ᠠᠭᠤᠯᠭ᠎ᠠ ᠶᠢᠨ ᠲᠣᠭᠤᠷᠢᠨ ᠳᠤ ᠰᠤᠷᠲᠠᠯ ᠤᠨ ᠪᠠᠶᠢᠭᠤᠯᠤᠯᠲᠠ ᠶᠢᠨ ᠲᠤᠬᠠᠶ | ᠣᠶᠢᠯᠠᠭᠠᠯᠲᠠ ᠪᠠ ᠲᠠᠨᠢᠯᠲᠠ ᠪᠠᠨ ᠰᠣᠯᠢᠯᠴᠠᠪᠠ᠃ | ᠲᠢᠩᠬᠢᠮ ᠤᠨ ᠡᠪᠯᠡᠯ ᠤᠨ ᠬᠤᠷᠢᠶ᠎ᠠ ᠲᠢᠩᠬᠢᠮ ᠤᠨ ᠰᠢᠭᠤᠳ ᠬᠠᠷᠢᠶ᠎ᠠ ᠰᠢᠰᠲ᠋ᠧᠮ ᠤᠨ ᠵᠠᠯᠠᠭᠤ ᠺᠠᠳ᠋ᠷᠴᠤᠳ ᠤᠨ | ᠰᠤᠷᠤᠯᠴᠠᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭ᠎ᠠ ᠪᠣᠳᠠᠲᠠᠢ ᠠᠳᠬᠤᠵᠤ᠂ ᠵᠠᠯᠠᠭᠤᠴᠤᠳ ᠢ ᠬᠦᠳᠦᠯᠦᠨ | ᠵᠢᠯᠣᠭᠤᠳᠴᠤ ᠪᠠᠶᠢᠭᠠᠳ ᠠᠵᠢᠯ ᠤᠨ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠨᠢ ᠦᠢᠯᠡᠳᠦᠯᠭᠡᠵᠢᠭᠦᠯᠵᠦ᠂ | ᠴᠠᠭᠠᠷᠠᠭᠰᠠᠨ ᠴᠢᠳᠠᠪᠤᠷᠢ ᠶᠢ ᠨᠢ ᠳᠠᠪᠲᠠᠨ ᠪᠣᠯᠪᠠᠰᠤᠷᠠᠭᠤᠯᠵᠤ᠂ ︽ᠨᠢᠭᠡ ᠭᠤᠣᠯ ᠰᠢᠵᠢᠮ ᠢ ᠲᠣᠭᠤᠰᠢᠯᠠᠭᠤᠯᠵᠤ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ | ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ︾ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ︕ | |