ᠨᠡᠶᠢᠭᠡᠮ ᠨᠡᠶᠢᠲᠡ ᠳᠤ᠄ | ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠢ ᠶᠢᠨ ᠬᠢᠷᠢ ᠬᠡᠮ ᠢ | ᠬᠢᠨᠠᠨ ᠲᠣᠭᠲᠠᠭᠠᠬᠤ ᠠᠵᠢᠯ ᠤᠨ ᠡᠷᠬᠡ ᠲᠡᠭᠰᠢ᠂ ᠲᠥᠪ ᠭᠤᠤᠯᠴᠢ ᠪᠠ ᠢᠯᠡ ᠲᠣᠳᠣ ᠪᠠᠶᠢᠬᠤ ᠶᠢ ᠪᠠᠲᠤᠯᠠᠬᠤ ᠶᠢᠨ | ᠲᠤᠰᠠᠳᠠ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠨᠢᠭᠡᠨᠲᠡ ︽ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠠᠷᠠᠴᠢᠯᠠᠨ | ᠬᠠᠮᠠᠭᠠᠯᠠᠬᠤ ᠠᠵᠢᠯ ᠤᠨ ᠨᠢᠭᠡᠴᠢ ᠶᠢᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠲᠣᠭᠲᠠᠭᠠᠬᠤ ᠲᠤᠰᠬᠠᠶ | ᠮᠡᠷᠭᠡᠵᠢᠯᠲᠡᠨ ᠤ ᠬᠥᠮᠥᠷᠭᠡ︾ ︵ᠳᠣᠷᠣᠭᠰᠢ ︽ᠲᠤᠰᠬᠠᠶ ᠮᠡᠷᠭᠡᠵᠢᠯᠲᠡᠨ ᠤ ᠬᠥᠮᠥᠷᠭᠡ︾ ᠭᠡᠵᠦ ᠲᠣᠪᠴᠢᠯᠠᠨ᠎ᠠ︶ ᠶᠢ | ᠪᠠᠶᠢᠭᠤᠯᠪᠠ᠃ ᠡᠳᠦᠭᠡ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠨᠡᠷᠡᠰ ᠢ ᠨᠡᠶᠢᠭᠡᠮ ᠳᠤ ᠵᠠᠷᠯᠠᠨ ᠨᠡᠶᠢᠲᠡᠯᠡᠵᠦ᠂ | ᠣᠯᠠᠨ ᠨᠡᠶᠢᠲᠡ ᠶᠢᠨ ᠬᠢᠨᠠᠯᠲᠠ ᠲᠠᠯᠪᠢᠯᠲᠠ ᠶᠢ ᠬᠦᠯᠢᠶᠡᠨ᠎ᠡ᠃ | ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠬᠥᠮᠦᠰ ᠤᠨ ᠨᠡᠷᠡᠰ ᠢ ᠳᠠᠭᠠᠯᠳᠤᠭᠤᠯᠤᠯ ᠳᠤ ᠨᠠᠷᠢᠨ ᠦᠵᠡᠭᠡᠷᠡᠢ᠃ | ᠬᠡᠷᠪᠡ ᠣᠨᠳᠣᠣ ᠰᠠᠨᠠᠯ ᠲᠠᠢ ᠪᠣᠯ᠂ 2025 ᠣᠨ ᠤ 5 ᠳ᠋ᠤᠭᠠᠷ ᠰᠠᠷ᠎ᠠ ᠶᠢᠨ 12 ᠤᠨ ᠡᠳᠦᠷ ᠠᠴᠠ ᠡᠮᠦᠨ᠎ᠡ | ᠪᠢᠴᠢᠭ ᠤᠨ ᠬᠡᠯᠪᠡᠷᠢ ︵ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢ ᠳᠠᠭᠠᠯᠳᠤᠭᠤᠯᠤᠨ᠎ᠠ︶ ᠪᠠᠷ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ ᠲᠤᠰᠬᠠᠨ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠬᠠᠷᠢᠯᠴᠠᠬᠤ ᠬᠥᠮᠦᠨ᠄ ᠵᠧᠩ ᠷᠦᠢ ᠹᠧᠩ᠂ ᠬᠠᠷᠢᠯᠴᠠᠬᠤ ᠤᠲᠠᠰᠤ᠄ 0471 - 6267737︔ | ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠠᠷᠢᠯᠴᠠᠬᠤ ᠬᠥᠮᠦᠨ᠄ ᠪᠠᠶ ᠴᠢᠦ | ᠵᠢᠶᠦ᠋ᠨ᠂ ᠬᠠᠷᠢᠯᠴᠠᠬᠤ ᠤᠲᠠᠰᠤ᠄ 0471 - 6280443᠂ ᠢᠮᠧᠯ᠄ nmjtglc@163.com᠃ | | ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ | ᠨᠢᠭᠡᠴᠢ ᠶᠢᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ | ᠠᠵᠢᠯᠲᠠᠨ ᠤ ᠨᠡᠷᠡᠰ᠂ xlsx | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | 2025 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ |