4 ᠳ᠋ᠦ᠋ᠭᠡᠷ ᠰᠠᠷ᠎ᠠ ᠶᠢᠨ 2 ᠤᠨ ᠡᠳᠦᠷ᠂ ᠥᠪᠥᠷ ᠮᠣᠩᠭᠤᠯ ᠤᠨ ᠮᠧᠩ ᠮᠠ ᠣᠯᠠᠨ ᠤᠯᠤᠰ ᠤᠨ ᠪᠠᠷᠠᠭᠠᠨ ᠤ | ᠭᠦᠢᠯᠭᠡᠭᠡ ᠶᠢᠨ ᠬᠢᠵᠠᠭᠠᠷᠲᠤ ᠺᠣᠮᠫᠠᠨᠢ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠠᠴᠠ | ᠮᠣᠷᠳᠠᠭᠰᠠᠨ TIR ᠲᠡᠷᠭᠡ ᠨᠢ ᠡᠷᠢᠶᠡᠨ ᠬᠤᠲᠠ ᠶᠢᠨ ᠪᠣᠭᠤᠮᠲᠠ ᠪᠠᠷ ᠳᠡᠮᠵᠢᠨ ᠮᠣᠩᠭᠤᠯ ᠤᠯᠤᠰ ᠤᠨ | ᠤᠯᠠᠭᠠᠨᠪᠠᠭᠠᠲᠤᠷ ᠲᠤ ᠬᠥᠷᠪᠡ᠃ | | | | TIR ᠶᠢᠨ ᠮᠡᠳᠡᠯᠭᠡ | TIR ᠲᠡᠭᠡᠭᠡᠪᠦᠷᠢ ᠪᠣᠯ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ︽ᠣᠯᠠᠨ ᠤᠯᠤᠰ ᠤᠨ ᠵᠠᠰᠠᠮᠠᠯ | ᠵᠠᠮ ᠤᠨ ᠲᠡᠭᠡᠭᠡᠪᠦᠷᠢ ᠶᠢᠨ ᠨᠡᠶᠢᠲᠡ ᠶᠢᠨ ᠭᠡᠷ᠎ᠡ︾ ᠶᠢᠨ ᠲᠣᠭᠲᠠᠭᠠᠯ ᠢ ᠦᠨᠳᠦᠰᠦᠯᠡᠨ ᠥᠷᠨᠢᠭᠦᠯᠦᠭᠰᠡᠨ ᠬᠢᠯᠢ | ᠠᠯᠤᠰᠯᠠᠭᠰᠠᠨ ᠵᠠᠰᠠᠮᠠᠯ ᠵᠠᠮ ᠤᠨ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡ ᠶᠢᠨ ᠵᠠᠭᠪᠤᠷ ᠪᠣᠯᠤᠨ᠎ᠠ᠃ | TIR ᠲᠡᠭᠡᠭᠡᠪᠦᠷᠢ ᠶᠢᠨ ᠳᠠᠪᠠᠭᠤᠯᠢᠭ ᠨᠢ ᠶᠠᠭᠤ ᠪᠣᠶ︖ | TIR ᠲᠡᠭᠡᠭᠡᠪᠦᠷᠢ ᠨᠢ ᠲᠣᠭᠲᠠᠮᠠᠯ ᠲᠡᠭᠡᠭᠡᠪᠦᠷᠢ ᠶᠢᠨ ᠵᠠᠮ ᠱᠤᠭᠤᠮ ᠲᠠᠢ ᠬᠠᠷᠢᠴᠠᠭᠤᠯᠪᠠᠯ᠂ ᠪᠣᠶᠢᠳᠠ ᠪᠥᠭᠯᠡᠭᠦᠦ | ᠭᠠᠵᠠᠷ ᠣᠷᠣᠨ ᠳᠤ ᠰᠢᠭᠤᠳ ᠬᠦᠷᠴᠦ᠂ ᠪᠠᠴᠢᠮ ᠵᠠᠬᠢᠶᠠᠯᠠᠭ᠎ᠠ ᠪᠤᠶᠤ ᠥᠨᠳᠥᠷ ᠨᠡᠮᠡᠯᠲᠡ ᠥᠷᠲᠡᠭ ᠲᠠᠢ ᠪᠠᠷᠠᠭ᠎ᠠ ᠶᠢᠨ | ᠬᠡᠷᠡᠭᠴᠡᠭᠡ ᠶᠢ ᠨᠠᠩ ᠰᠠᠶᠢᠨ ᠬᠠᠩᠭᠠᠵᠤ ᠴᠢᠳᠠᠨ᠎ᠠ᠃ ᠡᠭᠦᠨ ᠤ ᠬᠠᠮᠲᠤ᠂ ᠤᠯᠠᠮᠵᠢᠯᠠᠯᠲᠤ ᠬᠢᠯᠢ ᠠᠯᠤᠰᠯᠠᠭᠰᠠᠨ | ᠬᠠᠭᠤᠷᠠᠶ ᠵᠠᠮ ᠤᠨ ᠲᠡᠭᠡᠭᠡᠪᠦᠷᠢ ᠳᠤ ᠪᠣᠭᠤᠮᠲᠠ ᠶᠢᠨ ᠪᠠᠶᠢᠴᠠᠭᠠᠨ ᠰᠢᠯᠭᠠᠯᠲᠠ ᠪᠠ ᠤᠯᠤᠰ ᠤᠨ ᠳᠣᠲᠣᠭᠠᠳᠤ | ᠭᠠᠳᠠᠭᠠᠳᠤ ᠶᠢᠨ ᠲᠡᠷᠭᠡ ᠬᠥᠰᠬᠡ ᠪᠠᠭᠤᠯᠭᠠᠵᠤ ᠲᠡᠭᠡᠭᠡᠪᠦᠷᠢᠯᠡᠬᠦ ᠠᠴᠠ ᠪᠣᠯᠤᠭᠰᠠᠨ ᠪᠠᠷᠠᠭᠠᠨ ᠤ ᠬᠤᠬᠢᠷᠠᠯ᠂ ᠪᠠᠷᠠᠭᠠᠨ | ᠤ ᠵᠥᠷᠢᠶ᠎ᠡ ᠪᠠ ᠰᠠᠭᠠᠲᠠᠯ ᠤᠨ ᠲᠦᠭᠰᠢᠭᠦᠷᠢ ᠶᠢ ᠶᠡᠭᠡ ᠪᠠᠷ ᠪᠠᠭᠤᠷᠠᠭᠤᠯᠤᠨ᠎ᠠ᠃ ᠲᠤᠰ ᠤᠳᠠᠭᠠᠨ ᠤ ᠲᠡᠭᠡᠭᠡᠪᠦᠷᠢ ᠨᠢ | ᠠᠵᠤ ᠠᠬᠤᠶᠢᠯᠠᠯ ᠢ ᠬᠠᠪᠰᠤᠷᠤᠨ 200% ᠠᠴᠠ ᠳᠡᠭᠡᠭᠰᠢᠬᠢ ᠲᠡᠭᠡᠭᠡᠪᠦᠷᠢ ᠶᠢᠨ ᠴᠠᠭ ᠢ ᠠᠷᠪᠢᠯᠠᠵᠤ᠂ 50% | ᠠᠴᠠ ᠳᠡᠭᠡᠭᠰᠢᠬᠢ ᠲᠡᠭᠡᠭᠡᠪᠦᠷᠢ ᠶᠢᠨ ᠵᠠᠷᠤᠳᠠᠯ ᠢ ᠠᠷᠪᠢᠯᠠᠬᠤ ᠪᠣᠯᠤᠨ᠎ᠠ᠃ | | | | ᠲᠡᠭᠡᠭᠡᠪᠦᠷᠢ ᠶᠢᠨ ᠠᠵᠤ ᠠᠬᠤᠶᠢᠯᠠᠯ TIR ᠶᠢᠨ ᠬᠠᠮᠢᠶ᠎ᠠ ᠪᠥᠬᠦᠶ ᠭᠠᠷᠳᠠᠮ ᠢ ᠲᠣᠰ ᠰᠠᠷ᠎ᠠ ᠳᠤ ᠭᠤᠶᠤᠴᠢᠯᠠᠵᠤ᠂ | ᠲᠣᠰ ᠰᠠᠷ᠎ᠠ ᠳᠤ ᠦᠨᠡᠮᠯᠡᠯ ᠠᠪᠴᠤ᠂ ᠲᠣᠰ ᠰᠠᠷ᠎ᠠ ᠳᠤ ᠪᠠᠷᠠᠭ᠎ᠠ ᠶᠠᠪᠤᠭᠤᠯᠵᠤ᠂ ᠲᠣᠰ ᠰᠠᠷ᠎ᠠ ᠳᠤ ᠬᠢᠯᠢ ᠠᠴᠠ | ᠭᠠᠷᠬᠤ ᠶᠢ ᠪᠡᠶᠡᠯᠡᠭᠦᠯᠦᠨ᠎ᠡ᠂ ᠡᠨᠡ ᠪᠣᠯ ᠮᠠᠨ ᠤ ᠣᠷᠣᠨ ᠤ ᠣᠯᠠᠨ ᠤᠯᠤᠰ ᠤᠨ ᠲᠡᠭᠡᠭᠡᠪᠦᠷᠢ ᠶᠢᠨ ᠦᠶᠯᠡᠴᠢᠯᠡᠭᠡᠨ ᠤ | ᠲᠣᠤᠷ ᠢ ᠲᠦᠷᠭᠡᠳᠬᠡᠨ ᠲᠡᠭᠦᠯᠳᠡᠷᠵᠢᠭᠦᠯᠬᠦ᠂ ᠣᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠬᠠᠩᠭᠠᠯᠭ᠎ᠠ ᠶᠢᠨ | ᠬᠡᠯᠬᠢᠶ᠎ᠡ ᠶᠢᠨ ᠠᠮᠤᠷ ᠲᠦᠪᠰᠢᠨ ᠤ ᠬᠠᠷᠢᠮᠠᠬᠠᠢ ᠴᠢᠨᠠᠷ ᠢ ᠳᠡᠭᠡᠭᠰᠢᠯᠡᠭᠦᠯᠬᠦ᠂ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠪᠣᠯᠬᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠳᠤ ᠬᠦᠴᠦᠨ ᠪᠥᠬᠦᠶ ᠵᠠᠮ ᠬᠠᠷᠢᠯᠴᠠᠭᠠᠨ ᠤ | ᠪᠠᠲᠤᠯᠠᠭ᠎ᠠ ᠬᠠᠩᠭᠠᠬᠤ ᠶᠢᠨ ᠬᠤᠷᠢᠶᠠᠩᠭᠤᠶ ᠳᠦᠷᠰᠦ ᠪᠣᠯᠤᠨ᠎ᠠ᠃ ᠥᠪᠥᠷ ᠮᠣᠩᠭᠤᠯ ᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ | ᠭᠤᠷᠪᠠᠨ ᠱᠠᠲᠤᠨ ᠤ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ | ᠪᠣᠶᠢᠵᠢᠭᠤᠯᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠨᠢᠭᠡᠳ | ᠨᠢᠭᠡ ᠪᠠᠷ ᠬᠠᠪᠰᠤᠷᠤᠨ ᠲᠡᠳᠬᠦᠬᠦ ᠲᠣᠭᠲᠠᠴᠠ ᠶᠢ ᠬᠡᠷᠡᠭᠵᠢᠭᠦᠯᠵᠦ᠂ ᠲᠤᠰᠬᠠᠶ ᠬᠥᠮᠦᠨ ᠲᠣᠬᠢᠷᠠᠭᠤᠯᠤᠨ ᠲᠡᠭᠡᠭᠡᠪᠦᠷᠢ | ᠶᠢᠨ ᠠᠵᠤ ᠠᠬᠤᠶᠢᠯᠠᠯ ᠯᠤᠭ᠎ᠠ ᠵᠣᠯᠭᠠᠭᠤᠯᠬᠤ ᠶᠢ ᠬᠠᠷᠢᠭᠤᠴᠠᠭᠤᠯᠵᠤ᠂ ᠠᠵᠤ ᠠᠬᠤᠶᠢᠯᠠᠯ ᠤᠨ TIR ᠦᠨᠡᠮᠯᠡᠯ | ᠭᠠᠷᠳᠠᠭᠴᠢ ᠶᠢᠨ ᠬᠢᠷᠢ ᠬᠡᠮ ᠢ ᠭᠤᠶᠤᠴᠢᠯᠠᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ | ᠲᠤᠬᠠᠶ ᠳᠤ ᠨᠢ ᠣᠶᠢᠯᠠᠭᠠᠬᠤ ᠶᠢᠨ ᠬᠠᠮᠲᠤ ᠵᠣᠬᠢᠴᠠᠭᠤᠯᠤᠨ ᠰᠢᠶᠳᠪᠦᠷᠢᠯᠡᠨ᠎ᠡ᠃ ᠭᠤᠶᠤᠴᠢᠯᠠᠬᠤ ᠶᠠᠪᠤᠴᠠ ᠳᠤ᠂ | ᠠᠵᠤ ᠠᠬᠤᠶᠢᠯᠠᠯ ᠢ ᠬᠠᠪᠰᠤᠷᠤᠨ ᠭᠤᠶᠤᠴᠢᠯᠠᠯ ᠤᠨ ᠮᠠᠲ᠋ᠧᠷᠢᠶᠠᠯ ᠢ ᠡᠮᠬᠢᠯᠡᠵᠦ᠂ ᠮᠠᠲ᠋ᠧᠷᠢᠶᠠᠯ ᠤᠨ ᠪᠦᠷᠢᠨ ᠭᠦᠶᠴᠡᠳ᠂ | ᠵᠥᠪ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠨ᠎ᠠ᠃ | | | | ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ︽ᠣᠯᠠᠨ ᠤᠯᠤᠰ ᠤᠨ ᠵᠠᠰᠠᠮᠠᠯ ᠵᠠᠮ ᠤᠨ ᠲᠡᠭᠡᠭᠡᠪᠦᠷᠢ ᠶᠢᠨ ᠨᠡᠶᠢᠲᠡ ᠶᠢᠨ ᠭᠡᠷ᠎ᠡ︾ ᠵᠡᠷᠭᠡ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠤᠨ ᠲᠤᠭᠤᠰᠢᠯᠠᠭᠤᠯᠵᠤ᠂ ᠲᠡᠭᠡᠭᠡᠪᠦᠷᠢ ᠶᠢᠨ | ᠠᠵᠤ ᠠᠬᠤᠶᠢᠯᠠᠯ ᠳᠤ TIR ᠲᠡᠭᠡᠭᠡᠪᠦᠷᠢ ᠶᠢᠨ ᠳᠠᠪᠠᠭᠤᠯᠢᠭ ᠪᠠ ᠭᠤᠶᠤᠴᠢᠯᠠᠬᠤ ᠨᠥᠬᠦᠴᠡᠯ ᠵᠡᠷᠭᠡ ᠶᠢ | ᠲᠠᠶᠢᠯᠪᠤᠷᠢᠯᠠᠵᠤ᠂ ᠠᠵᠤ ᠠᠬᠤᠶᠢᠯᠠᠯ ᠳᠤ TIR ᠲᠡᠭᠡᠭᠡᠪᠦᠷᠢ ᠶᠢᠨ ᠵᠠᠭᠪᠤᠷ ᠨᠢ ᠲᠡᠭᠦᠨ ᠳᠤ ᠪᠣᠭᠤᠮᠲᠠ ᠪᠠᠷ ᠥᠩᠭᠡᠷᠡᠬᠦ | ᠭᠠᠷᠳᠠᠮ ᠢ ᠳᠥᠭᠦᠮᠴᠢᠯᠡᠬᠦ᠂ ᠲᠡᠭᠡᠭᠡᠪᠦᠷᠢ ᠶᠢᠨ ᠥᠪᠡᠷ ᠤᠨ ᠥᠷᠲᠡᠭ ᠢ ᠪᠠᠭᠤᠷᠠᠭᠤᠯᠬᠤ᠂ ᠲᠡᠭᠡᠭᠡᠪᠦᠷᠢ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠵᠡᠷᠭᠡ ᠣᠯᠠᠨ ᠰᠠᠶᠢᠨ ᠲᠠᠯ᠎ᠠ ᠶᠢ ᠭᠦᠶᠴᠡᠳ ᠣᠶᠢᠯᠠᠭᠠᠭᠤᠯᠪᠠ᠃ ᠣᠳᠣᠬᠠᠨ ᠪᠣᠯᠲᠠᠯ᠎ᠠ᠂ | ᠪᠥᠬᠦ ᠣᠷᠣᠨ ᠳᠤ ᠨᠢᠭᠡᠨᠲᠡ 179 ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠣᠯᠠᠨ ᠤᠯᠤᠰ ᠤᠨ ᠵᠠᠮ | ᠲᠡᠭᠡᠭᠡᠪᠦᠷᠢ ᠶᠢᠨ ᠳᠠᠩᠰᠠᠯᠠᠭᠤᠯᠬᠤ ᠭᠠᠷᠳᠠᠮ ᠢ ᠪᠡᠶᠡᠯᠡᠭᠦᠯᠵᠦ᠂ 11 ᠠᠵᠤ ᠠᠬᠤᠶᠢᠯᠠᠯ TIR ᠦᠨᠡᠮᠯᠡᠯ ᠭᠠᠷᠳᠠᠭᠴᠢ | ᠶᠢᠨ ᠬᠢᠷᠢ ᠬᠡᠮ ᠢ ᠣᠯᠤᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ | ᠮᠥᠴᠢᠷ ᠨᠢ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠢ ᠲᠡᠳᠬᠦᠬᠦ ᠪᠠ ᠵᠢᠯᠣᠭᠤᠳᠬᠤ ᠪᠠᠨ | ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠣᠯᠠᠨ ᠤᠯᠤᠰ ᠤᠨ ᠵᠠᠮ ᠲᠡᠭᠡᠭᠡᠪᠦᠷᠢ ᠶᠢᠨ ᠦᠶᠯᠡᠴᠢᠯᠡᠭᠡᠨ ᠤ | ᠶᠠᠰᠤ ᠴᠢᠨᠠᠷ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠳᠤᠮᠳᠠᠳᠤ ᠶᠢᠨ ᠲᠠᠯ᠎ᠠ ᠶᠢᠨ ᠲᠡᠭᠡᠭᠡᠪᠦᠷᠢ ᠶᠢᠨ | ᠠᠵᠤ ᠠᠬᠤᠶᠢᠯᠠᠯ᠂ ᠲᠡᠷᠭᠡ ᠬᠥᠰᠬᠡ ᠶᠢᠨ ︽ᠭᠠᠳᠠᠭᠰᠢ ᠭᠠᠷᠬᠤ︾ ᠳᠤ ᠲᠤᠯᠭᠠᠷᠠᠭᠰᠠᠨ ᠪᠣᠳᠠᠲᠠᠶ ᠬᠦᠴᠢᠷᠳᠡᠯ ᠢ | ᠵᠣᠬᠢᠴᠠᠭᠤᠯᠤᠨ ᠰᠢᠶᠳᠪᠦᠷᠢᠯᠡᠵᠦ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾᠂ | ︽ᠨᠢᠭᠡ ᠶᠠᠪᠤᠳᠠᠯ ᠢ ᠨᠢᠭᠡ ᠵᠣᠬᠢᠴᠠᠭᠤᠯᠬᠤ︾ ᠵᠡᠷᠭᠡ ᠰᠠᠶᠢᠨ ᠬᠢᠳᠡᠯ ᠢ ᠦᠷᠭᠦᠯᠵᠢᠯᠡᠨ ᠪᠠᠳᠠᠷᠠᠭᠤᠯᠵᠤ᠂ ᠮᠠᠨ ᠤ | ᠣᠷᠣᠨ ᠤ ᠲᠡᠭᠡᠭᠡᠪᠦᠷᠢ ᠶᠢᠨ ᠠᠵᠤ ᠠᠬᠤᠶᠢᠯᠠᠯ ᠤᠨ ︽ᠭᠠᠳᠠᠭᠰᠢ ᠭᠠᠷᠬᠤ︾ ᠳᠤ ᠪᠠᠲᠤᠯᠠᠭ᠎ᠠ ᠬᠠᠩᠭᠠᠨ᠎ᠠ᠃ |