4 ᠳ᠋ᠦ᠋ᠭᠡᠷ ᠰᠠᠷ᠎ᠠ ᠶᠢᠨ 1 ᠤ ᠡᠳᠦᠷ ᠤᠨ ᠥᠷᠯᠥᠭᠡ᠂ ᠦᠦᠰᠢᠨ ᠬᠤᠰᠢᠭᠤᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠦᠦᠰᠢᠨ ᠶᠡᠭᠡ ᠠᠩᠭᠢ᠂ ᠦᠦᠰᠢᠨ ᠬᠤᠰᠢᠭᠤᠨ ᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠲᠠᠢ ᠬᠠᠮᠲᠤᠷᠠᠨ ᠭᠤᠤᠯᠳᠠᠯᠭ᠎ᠠ ᠲᠠᠢ ᠵᠠᠮ ᠤᠨ ᠬᠡᠰᠡᠭ ᠲᠤ | ᠨᠡᠬᠦᠳᠡᠯ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠪᠡ᠃ | | | | ᠲᠣᠰ ᠤᠳᠠᠭᠠᠨ ᠤ ᠠᠵᠢᠯᠯᠠᠭ᠎ᠠ ᠳᠤ ︽ᠨᠡᠭᠦᠳᠡᠯ ᠲᠣᠭᠤᠷᠢᠨ ᠪᠠᠶᠢᠴᠠᠭᠠᠯᠲᠠ + ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠬᠦᠴᠦᠨ ᠨᠡᠮᠡᠷᠢᠯᠡᠬᠦ︾ ᠪᠣᠰᠤᠭ᠎ᠠ ᠴᠣᠭᠴᠠᠲᠤ ᠵᠠᠰᠠᠯᠲᠠ ᠶᠢᠨ ᠵᠠᠭᠪᠤᠷ ᠢ ᠠᠪᠴᠤ᠂ ᠬᠠᠤᠯᠢ | ᠬᠡᠷᠡᠭᠵᠢᠭᠦᠯᠬᠦ ᠳᠠᠪᠲᠠᠮᠵᠢ ᠤᠳᠠᠭ᠎ᠠ ᠶᠢ ᠨᠢᠭᠲᠠᠵᠢᠭᠤᠯᠤᠨ᠂ ᠲᠣᠭᠤᠷᠢᠨ ᠶᠠᠪᠤᠵᠤ ᠪᠠᠶᠢᠴᠠᠭᠠᠬᠤ ᠠᠴᠠ ᠵᠠᠶᠢᠯᠠᠬᠤ ᠵᠡᠷᠭᠡ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠨᠠᠷᠢᠯᠢᠭ ᠣᠨᠣᠴᠠᠲᠠᠶ ᠪᠠᠷ ᠴᠣᠬᠢᠯᠲᠠ ᠥᠭᠪᠡ᠃ | ᠠᠵᠢᠯᠯᠠᠭ᠎ᠠ ᠶᠢᠨ ᠳᠤᠮᠳᠠ᠂ ᠡᠯ᠎ᠡ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠬᠠᠮᠲᠤᠷᠠᠨ ᠬᠥᠳᠡᠯᠦᠯᠴᠡᠬᠦ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ 3 ᠲᠣᠮᠣ | ᠪᠠᠷᠠᠭᠠᠨ ᠤ ᠲᠡᠷᠭᠡ ᠶᠢ ᠪᠠᠶᠢᠴᠠᠭᠠᠨ ᠰᠢᠢᠳᠪᠦᠷᠢᠯᠡᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠠᠮᠤᠷ ᠲᠦᠪᠰᠢᠨ᠂ | ᠰᠠᠭᠠᠳ ᠥᠬᠡᠶ ᠨᠡᠪᠲᠡᠷᠡᠬᠦ ᠣᠷᠴᠢᠨ ᠲᠣᠭᠤᠷᠢᠨ ᠢ ᠪᠣᠶ ᠪᠣᠯᠭᠠᠪᠠ᠃ ︵ᠴᠠᠰᠤᠨ᠎ᠠ ᠲᠠᠮᠢᠷ︶ |