ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ  ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/5/12
    ᠨᠢᠭᠡ᠂ ᠲᠤᠭᠤᠷᠪᠢᠨ ᠪᠢᠴᠢᠭᠰᠡᠨ ᠠᠬᠤᠢ ᠪᠠᠶᠢᠳᠠᠯ ᠪᠠ ᠦᠨᠳᠦᠰᠦᠯᠡᠯ     ︽  ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠬᠡᠷᠡᠭᠵᠢᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠵᠠᠮ ᠬᠠᠷᠢᠯᠴᠠᠭ᠎ᠠ ᠲᠥᠯᠥᠪᠵᠢᠭᠦᠯᠭᠡ ᠲᠠᠷᠬᠠᠭᠠᠭᠰᠠᠨ ﹇2025﹈ 17 ᠳ᠋ᠤᠭᠠᠷ ᠲᠣᠭᠠᠲᠤ︶᠂ ︽2025 ᠣᠨ ᠤ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠠᠵᠢᠯ ᠤᠨ ᠬᠡᠷᠡᠭᠵᠢᠭᠦᠯᠬᠦ ᠨᠠᠷᠢᠨ ᠲᠦᠷᠢᠮ ᠢ ᠳᠠᠷᠤᠮᠠᠯᠯᠠᠨ ᠶᠠᠪᠤᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ  ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ  ᠳᠣᠲᠣᠭᠠᠳᠤ ᠶᠢ ᠬᠠᠮᠠᠭᠠᠯᠠᠬᠤ ᠶᠠᠮᠤᠨ  ᠤ ᠠᠯᠪᠠᠨ ᠲᠢᠩᠬᠢᠮ  ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ  ᠬᠤᠳᠠᠯᠳᠤᠭᠠᠨ ᠤ ᠶᠠᠪᠤᠳᠠᠯ ᠤᠨ ᠶᠠᠮᠤᠨ  ᠤ ᠠᠯᠪᠠᠨ ᠲᠢᠩᠬᠢᠮ ᠤᠨ ᠮᠡᠳᠡᠭᠳᠡᠯ︾ ︵ᠵᠠᠮ ᠬᠠᠷᠢᠯᠴᠠᠭ᠎ᠠ ᠠᠯᠪᠠᠨ  ᠲᠡᠭᠡᠭᠡᠪᠦᠷᠢ ﹇2025﹈ 12 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ 2025 ᠣᠨ ᠤ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠠᠵᠢᠯ ᠢ ᠠᠬᠢᠭᠤᠯᠤᠨ᠂ ᠥᠨᠳᠥᠷ ᠡᠨᠧᠷᠭᠢ ᠶᠢᠨ ᠬᠤᠷᠣᠭᠳᠠᠯ ᠲᠠᠢ ᠭᠠᠳᠠᠭᠰᠢᠯᠠᠭᠤᠯᠤᠯᠲᠠ ᠶᠡᠬᠡᠲᠡᠶ ᠬᠠᠭᠤᠴᠢᠨ ᠡᠵᠡᠩᠨᠡᠯᠲᠡ  ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢ ᠲᠦᠷᠭᠡᠳᠬᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠬᠤ ᠳᠤ ᠦᠢᠯᠡᠴᠢᠯᠡᠬᠦ ᠶᠢᠨ ᠲᠥᠯᠥᠭᠡ᠂ ᠮᠠᠨ ᠤ ᠣᠷᠣᠨ ᠤ 2025 ᠣᠨ ᠤ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ  ᠠᠴᠠ ᠭᠠᠷᠭᠠᠵᠤ ᠰᠢᠨᠡᠳᠬᠡᠬᠦ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠢ ᠣᠨᠴᠠᠭᠠᠶᠢᠯᠠᠨ ᠲᠣᠭᠲᠠᠭᠠᠪᠠ᠃     ᠬᠤᠶᠠᠷ᠂ ᠲᠣᠭᠲᠠᠭᠠᠬᠤ ᠶᠠᠪᠤᠴᠠ     ᠤᠯᠤᠰ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2024 ᠣᠨ ᠤ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠭᠰᠡᠨ ᠲᠤᠷᠰᠢᠯᠭ᠎ᠠ ᠶᠢ ᠭᠦᠶᠴᠡᠳ ᠳ᠋ᠦᠩᠨᠡᠵᠦ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠨᠠᠷᠢᠨ ᠲᠦᠷᠢᠮ ᠢ ᠲᠣᠭᠲᠠᠭᠠᠪᠠ᠃     ᠭᠤᠷᠪᠠ᠂ ᠭᠤᠣᠯ ᠠᠭᠤᠯᠭ᠎ᠠ     ᠨᠢᠭᠡ ᠳᠤ᠂ ᠬᠡᠷᠡᠭᠵᠢᠭᠦᠯᠬᠦ ᠴᠠᠭ ᠵᠢᠴᠢ ᠬᠡᠪᠴᠢᠶ᠎ᠡ ᠶᠢ ᠲᠣᠳᠣᠷᠬᠠᠶᠢᠯᠠᠪᠠ᠃ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠵᠢᠴᠢ ᠰᠢᠨ᠎ᠡ ᠪᠠᠷ ᠬᠤᠳᠠᠯᠳᠤᠨ ᠠᠪᠤᠭᠰᠠᠨ ᠰᠢᠨ᠎ᠡ ᠡᠨᠧᠷᠭᠢ ᠶᠢᠨ ᠬᠤᠲᠠ ᠶᠢᠨ ᠬᠦᠶᠲᠡᠨ ᠬᠡᠯᠬᠢᠶᠡᠲᠦ ᠲᠣᠬᠢᠷᠠᠭᠤᠯᠤᠨ ᠬᠦᠷᠭᠡᠬᠦ ᠪᠠᠷᠠᠭᠠᠨ ᠤ ᠲᠡᠷᠭᠡ ᠶᠢᠨ ᠨᠥᠬᠦᠪᠦᠷᠢᠯᠡᠬᠦ ᠴᠠᠭ ᠨᠢ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠃ ᠲᠤᠬᠠᠶᠢᠯᠠᠪᠠᠯ ᠬᠡᠷᠡᠭᠯᠡᠭᠡᠨ ᠠᠴᠠ ᠭᠠᠷᠤᠭᠰᠠᠨ ᠪᠠᠷᠠᠭᠠᠨ ᠤ ᠲᠡᠷᠭᠡ ᠶᠢᠨ ︽ᠬᠡᠷᠡᠭᠯᠡᠨ  ᠠᠴᠠ ᠭᠠᠷᠤᠭᠰᠠᠨ ᠮᠠᠰᠢᠨ ᠲᠡᠷᠭᠡ ᠶᠢ ᠡᠭᠡᠭᠦᠯᠦᠨ ᠬᠤᠷᠢᠶᠠᠭᠰᠠᠨ ᠭᠡᠷᠡᠴᠢ︾᠂ ︽ᠮᠠᠰᠢᠨ ᠲᠡᠷᠭᠡ ᠶᠢ ᠬᠦᠴᠦᠨ ᠦᠭᠡᠶ ᠪᠣᠯᠭᠠᠭᠰᠠᠨ ᠭᠡᠷᠡᠴᠢ︾ ᠶᠢᠨ ᠡᠳᠦᠷ ᠬᠤᠭᠤᠴᠠᠭ᠎ᠠ᠂ ᠰᠢᠨ᠎ᠡ ᠪᠠᠷ ᠬᠤᠳᠠᠯᠳᠤᠨ ᠠᠪᠤᠭᠰᠠᠨ ᠪᠠᠷᠠᠭᠠᠨ ᠤ ᠲᠡᠷᠭᠡ ᠶᠢᠨ ︽ᠮᠠᠰᠢᠨ ᠲᠡᠷᠭᠡ ᠶᠢᠨ ᠵᠠᠮᠨᠠᠬᠤ ᠦᠨᠡᠮᠯᠡᠯ︾ ᠢ ᠳᠠᠩᠰᠠᠯᠠᠨ ᠲᠡᠮᠳᠡᠭᠯᠡᠭᠰᠡᠨ ᠡᠳᠦᠷ ᠬᠤᠭᠤᠴᠠᠭ᠎ᠠ ᠪᠣᠯᠤᠨ ︽ᠵᠠᠮ ᠲᠡᠭᠡᠭᠡᠪᠦᠷᠢ ᠶᠢᠨ ᠦᠨᠡᠮᠯᠡᠯ︾ ᠣᠯᠭᠤᠭᠰᠠᠨ ᠡᠳᠦᠷ ᠬᠤᠭᠤᠴᠠᠭ᠎ᠠ ᠨᠢ ᠴᠥᠮ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠬᠤᠭᠤᠴᠠᠭᠠᠨ ᠳᠤ ᠪᠠᠶᠢᠬᠤ ᠬᠡᠷᠡᠭᠲᠡᠶ᠃    ᠬᠤᠶᠠᠷ ᠲᠤ᠂ ᠨᠥᠬᠦᠪᠥᠷᠢ ᠥᠭᠬᠦ ᠪᠠᠷᠢᠮᠵᠢᠶ᠎ᠠ ᠶᠢ ᠲᠣᠭᠲᠠᠭᠠᠪᠠ᠃ ᠤᠯᠤᠰ ᠤᠨ ᠳᠥᠷᠪᠡᠳᠦᠭᠡᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠲᠠᠢ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠤᠷᠢᠳᠴᠢᠯᠠᠨ ᠬᠡᠷᠡᠭᠯᠡᠭᠡᠨ  ᠠᠴᠠ ᠭᠠᠷᠭᠠᠬᠤ᠂ ᠤᠯᠤᠰ ᠤᠨ ᠳᠥᠷᠪᠡᠳᠦᠭᠡᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠲᠠᠢ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠤᠷᠢᠳᠴᠢᠯᠠᠨ ᠬᠡᠷᠡᠭᠯᠡᠭᠡᠨ ᠠᠴᠠ ᠭᠠᠷᠭᠠᠬᠤ ᠪᠥᠭᠡᠳ ᠤᠯᠤᠰ ᠤᠨ ᠵᠢᠷᠭᠤᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠶᠢᠨ ᠪᠠᠷᠠᠭᠠᠨ ᠤ ᠲᠡᠷᠭᠡ ᠪᠤᠶᠤ ᠰᠢᠨ᠎ᠡ ᠡᠨᠧᠷᠭᠢ ᠶᠢᠨ ᠪᠠᠷᠠᠭᠠᠨ ᠤ ᠲᠡᠷᠭᠡ ᠶᠢ ᠰᠢᠨ᠎ᠡ ᠪᠠᠷ ᠬᠤᠳᠠᠯᠳᠤᠨ ᠠᠪᠤᠭᠰᠠᠨ᠂ ᠵᠥᠪᠬᠡᠨ ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ ᠶᠢᠨ ᠪᠠᠷᠠᠭᠠᠨ ᠤ ᠲᠡᠷᠭᠡ ᠶᠢ ᠰᠢᠨ᠎ᠡ ᠪᠠᠷ ᠬᠤᠳᠠᠯᠳᠤᠨ ᠠᠪᠤᠭᠰᠠᠨ᠂ ᠬᠡᠷᠡᠭᠯᠡᠭᠡᠨ ᠠᠴᠠ ᠭᠠᠷᠭᠠᠭᠰᠠᠨ ᠲᠡᠷᠭᠡᠨ ᠤ ᠲᠥᠷᠥᠯ ᠬᠡᠯᠪᠡᠷᠢ᠂ ᠬᠡᠷᠡᠭᠯᠡᠭᠡᠨ ᠠᠴᠠ ᠭᠠᠷᠭᠠᠬᠤ ᠴᠠᠭ ᠬᠤᠭᠤᠴᠠᠭ᠎ᠠ ᠪᠠ ᠰᠢᠨ᠎ᠡ ᠪᠠᠷ ᠬᠤᠳᠠᠯᠳᠤᠨ ᠠᠪᠤᠭᠰᠠᠨ ᠲᠡᠷᠭᠡ ᠬᠥᠰᠬᠡ ᠶᠢᠨ ᠬᠥᠳᠡᠯᠭᠡᠬᠦ ᠬᠦᠴᠦᠨ ᠤ ᠲᠥᠷᠥᠯ ᠬᠡᠯᠪᠡᠷᠢ ᠵᠡᠷᠭᠡ ᠶᠢᠨ ᠶᠣᠰᠣᠭᠠᠷ᠂ ᠵᠦᠷᠢᠶᠡᠴᠢᠯᠡᠭᠰᠡᠨ ᠨᠥᠬᠦᠪᠥᠷᠢ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃     ᠭᠤᠷᠪᠠ ᠳᠤ᠂ ᠨᠥᠬᠦᠪᠥᠷᠢ ᠭᠤᠶᠤᠴᠢᠯᠠᠬᠤ᠂ ᠬᠢᠨᠠᠨ ᠬᠠᠷᠭᠤᠭᠤᠯᠬᠤ ᠪᠠ ᠣᠯᠭᠤᠬᠤ ᠲᠠᠰ ᠳᠠᠷᠠᠭᠠᠯᠠᠯ ᠢ ᠨᠠᠷᠢᠯᠢᠭᠵᠢᠭᠤᠯᠪᠠ᠃ ᠡᠵᠡᠩᠨᠡᠯᠲᠡ ᠶᠢᠨ ᠪᠠᠷᠠᠭᠠᠨ ᠤ ᠲᠡᠷᠭᠡ ᠶᠢᠨ ᠥᠮᠴᠢᠯᠡᠭᠴᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠬᠤᠭᠤᠴᠠᠭᠠᠨ ᠳᠣᠲᠣᠷ᠎ᠠ ᠪᠠᠶᠢᠭ᠎ᠠ ᠠᠶᠢᠮᠠᠭ ᠬᠤᠲᠠ ᠶᠢᠨ ᠢᠶᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠴᠤ᠂ ︽ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠥᠷᠢ ᠪᠡᠯᠡ ᠮᠥᠩᠭᠦ ᠶᠢᠨ ᠭᠤᠶᠤᠴᠢᠯᠠᠯ ᠤᠨ ᠬᠦᠰᠦᠨᠦᠭᠲᠦ︾ ︵ᠳᠠᠭᠠᠯᠳᠤᠭᠤᠯᠤᠯ︶ ᠶᠢ ᠲᠠᠭᠯᠠᠨ ᠮᠡᠳᠡᠭᠦᠯᠬᠦ ᠶᠢᠨ ᠬᠠᠮᠲᠤ ᠭᠡᠷᠡᠴᠢ ᠮᠠᠲ᠋ᠧᠷᠢᠶᠠᠯ  ᠤᠨ ᠬᠠᠭᠤᠯᠪᠤᠷᠢ ᠪᠤᠶᠤ ᠰᠢᠷᠪᠢᠭᠰᠡᠨ ᠮᠠᠲ᠋ᠧᠷᠢᠶᠠᠯ ᠢᠶᠠᠨ ᠱᠠᠭᠠᠷᠳᠠᠯᠭ᠎ᠠ ᠶᠣᠰᠣ ᠪᠠᠷ ᠲᠤᠰᠢᠶᠠᠬᠤ ᠬᠡᠷᠡᠭᠲᠡᠶ︔ ᠡᠰᠡᠬᠦᠯ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢᠨ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠥᠷᠢ ᠭᠤᠶᠤᠴᠢᠯᠠᠨ ᠠᠪᠬᠤ ᠲᠠᠪᠴᠠᠩ︾ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ ᠪᠠ ᠨᠥᠬᠦᠪᠥᠷᠢ ᠭᠤᠶᠤᠴᠢᠯᠠᠨ ᠠᠪᠤᠨ᠎ᠠ᠃     ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠬᠡᠷᠡᠭᠯᠡᠨ ᠠᠴᠠ ᠭᠠᠷᠭᠠᠭᠰᠠᠨ ᠲᠡᠷᠭᠡ ᠬᠥᠰᠬᠡ ᠶᠢᠨ ︽ᠵᠠᠮ ᠲᠡᠭᠡᠭᠡᠪᠦᠷᠢ ᠶᠢᠨ ᠦᠨᠡᠮᠯᠡᠯ︾ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ  ᠲᠠᠢ ᠬᠠᠮᠵᠢᠯᠴᠠᠨ ᠬᠡᠷᠡᠭᠯᠡᠨ ᠠᠴᠠ ᠭᠠᠷᠭᠠᠭᠰᠠᠨ ᠲᠡᠷᠭᠡ ᠬᠥᠰᠬᠡ ᠶᠢᠨ ︽ᠬᠡᠷᠡᠭᠯᠡᠨ ᠠᠴᠠ ᠭᠠᠷᠭᠠᠭᠰᠠᠨ ᠮᠠᠰᠢᠨ ᠲᠡᠷᠭᠡ ᠶᠢ ᠡᠭᠡᠭᠦᠯᠦᠨ ᠬᠤᠷᠢᠶᠠᠬᠤ ᠭᠡᠷᠡᠴᠢ︾ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠡᠷᠡᠭᠯᠡᠨ ᠠᠴᠠ ᠭᠠᠷᠭᠠᠭᠰᠠᠨ ᠲᠡᠷᠭᠡ ᠬᠥᠰᠬᠡ ᠶᠢᠨ ︽ᠮᠠᠰᠢᠨ ᠲᠡᠷᠭᠡ  ᠶᠢ ᠬᠦᠴᠦᠨ ᠦᠭᠡᠶ ᠪᠣᠯᠭᠠᠭᠰᠠᠨ ᠭᠡᠷᠡᠴᠢ︾᠂ ︽ᠮᠠᠰᠢᠨ ᠲᠡᠷᠭᠡ ᠶᠢᠨ ᠵᠠᠮᠨᠠᠬᠤ ᠦᠨᠡᠮᠯᠡᠯ︾ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠬᠠᠷᠢᠭᠤᠴᠠᠬᠤ ᠶᠢᠨ ᠬᠠᠮᠲᠤ ᠭᠤᠶᠤᠴᠢᠯᠠᠯ ᠢ ᠬᠦᠯᠢᠶᠡᠨ ᠠᠪᠤᠭᠰᠠᠨ ᠤ ᠳᠠᠷᠠᠭ᠎ᠠ 10 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ ᠶᠢ ᠪᠡᠶᠡᠯᠡᠭᠦᠯᠬᠦ ᠬᠡᠷᠡᠭᠲᠡᠶ᠃     ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠰᠠᠷ᠎ᠠ ᠪᠦᠷᠢ ᠨᠥᠬᠦᠴᠡᠯ ᠳᠤ ᠨᠡᠶᠢᠴᠡᠬᠦ ᠭᠤᠶᠤᠴᠢᠯᠠᠯ ᠤᠨ ᠮᠡᠳᠡᠭᠡ ᠵᠠᠩᠭᠢ ᠶᠢ ᠬᠤᠷᠢᠶᠠᠩᠭᠤᠶᠢᠯᠠᠵᠤ᠂ ᠪᠡᠯᠡ ᠮᠥᠩᠭᠦ  ᠶᠢᠨ ᠵᠣᠭᠤᠰᠣᠨ ᠲᠤᠭ᠎ᠠ ᠪᠠᠨ ᠳᠤᠷᠠᠳᠬᠤ ᠶᠢᠨ ᠬᠠᠮᠲᠤ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ  ᠲᠤ ᠪᠡᠯᠡ ᠮᠥᠩᠭᠦ ᠰᠢᠯᠵᠢᠭᠦᠯᠦᠨ ᠥᠭᠬᠦ ᠭᠤᠶᠤᠴᠢᠯᠠᠯ ᠢᠶᠠᠨ ᠳᠤᠷᠠᠳᠬᠤ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠳᠤᠷᠠᠳᠤᠭᠰᠠᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠪᠣᠯᠤᠨ ᠪᠡᠯᠡ ᠮᠥᠩᠭᠦ ᠲᠣᠬᠢᠷᠠᠭᠤᠯᠬᠤ ᠰᠠᠨᠠᠭᠤᠯᠭ᠎ᠠ ᠶᠢ ᠦᠨᠳᠦᠰᠦᠯᠡᠨ᠂ ᠬᠠᠮᠢᠶ᠎ᠠ ᠪᠦᠬᠦᠢ ᠲᠣᠭᠲᠠᠭᠠᠯ ᠶᠣᠰᠣ ᠪᠠᠷ ᠪᠡᠯᠡ ᠮᠥᠩᠭᠦ ᠪᠠᠭᠤᠯᠭᠠᠨ ᠥᠭᠭᠦᠨ᠎ᠡ᠃     ᠳᠥᠷᠪᠡ ᠳᠤ᠂ ᠰᠤᠭᠤᠴᠢᠨ ᠪᠠᠶᠢᠴᠠᠭᠠᠵᠤ ᠬᠢᠨᠠᠨ ᠵᠢᠯᠣᠭᠤᠳᠬᠤ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠨᠥᠬᠦᠪᠥᠷᠢ ᠶᠢᠨ ᠪᠠᠯᠠ ᠮᠥᠩᠭᠦ ᠶᠢᠨ ᠲᠣᠬᠢᠷᠠᠭᠤᠯᠤᠯᠲᠠ ᠪᠠ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠨᠢᠭᠲᠠ ᠮᠥᠷᠳᠡᠵᠦ᠂ ᠲᠣᠭᠲᠠᠮᠠᠯ ᠬᠤᠭᠤᠴᠠᠭ᠎ᠠ  ᠲᠠᠢ ᠪᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠳᠠᠭ᠎ᠠ ᠪᠦᠷᠢ ᠶᠢᠨ ᠰᠤᠭᠤᠴᠢᠨ ᠪᠠᠶᠢᠴᠠᠭᠠᠬᠤ ᠬᠠᠷᠢᠴᠠᠯ ᠢ 5% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃      2024 ᠣᠨ ᠬᠢᠭᠡᠳ 2025 ᠣᠨ ᠤ ᠲᠥᠷᠥ ᠶᠢᠨ ᠪᠣᠳᠣᠯᠭ᠎ᠠ ᠶᠢᠨ ᠬᠠᠷᠢᠴᠠᠭᠤᠯᠤᠯ᠄      2025 ᠣᠨ ᠳᠤ ᠭᠤᠤᠯᠳᠠᠭᠤ ︽ᠨᠢᠭᠡ ᠶᠢ ᠬᠤᠪᠢᠷᠠᠭᠤᠯᠬᠤ ᠥᠬᠡᠶ᠂ ᠭᠤᠷᠪᠠ ᠳᠤ ᠲᠣᠬᠢᠷᠠᠭᠤᠯᠤᠯᠲᠠ ᠬᠢᠵᠦ᠂ ᠨᠢᠭᠡ ᠶᠢ ᠰᠢᠨ᠎ᠡ ᠪᠠᠷ ᠨᠡᠮᠡᠭᠳᠡᠭᠦᠯᠪᠡ︾᠃ ︽ᠨᠢᠭᠡ ᠶᠢ ᠬᠤᠪᠢᠷᠠᠭᠤᠯᠬᠤ ᠦᠭᠡᠢ︾ ᠭᠡᠳᠡᠭ ᠨᠢ ᠳᠠᠷᠤᠢ ᠨᠥᠬᠦᠪᠥᠷᠢ ᠶᠢᠨ ᠪᠠᠷᠢᠮᠵᠢᠶ᠎ᠠ ᠶᠢ ᠨᠢᠳᠤᠨᠤᠨ ᠤ ᠬᠢ ᠲᠠᠢ ᠨᠢᠭᠡᠳᠦᠯᠲᠡᠢ ᠪᠠᠶᠢᠯᠭᠠᠨ᠎ᠠ᠃ ︽ᠭᠤᠷᠪᠠ ᠳᠤ ᠲᠣᠬᠢᠷᠠᠭᠤᠯᠤᠯᠲᠠ ᠬᠢᠬᠦ︾᠄ ᠨᠢᠭᠡ ᠳᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠨᠢ ᠣᠷᠳᠣ ᠪᠣᠯᠪᠠ᠃ ᠨᠢᠳᠤᠨᠤᠨ ᠤ 5 ᠰᠠᠷ᠎ᠠ ᠠᠴᠠ ᠡᠨᠡ ᠵᠢᠯ ᠤᠨ 12 ᠰᠠᠷ᠎ᠠ ᠪᠣᠯᠭᠠᠨ ᠲᠣᠬᠢᠷᠠᠭᠤᠯᠪᠠ︔ ᠬᠤᠶᠠᠷ ᠲᠤ ᠨᠥᠬᠦᠪᠥᠷᠢ ᠥᠭᠬᠦ ᠬᠡᠪᠴᠢᠶ᠎ᠡ ᠶᠢ ᠥᠷᠭᠡᠳᠬᠡᠪᠡ᠃ ᠨᠢᠳᠤᠨᠤᠨ ᠪᠣᠯ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠲᠠᠢ ᠡᠵᠡᠩᠨᠡᠯᠲᠡ ᠶᠢᠨ ᠪᠠᠷᠠᠭᠠᠨ ᠤ ᠲᠡᠷᠭᠡ ᠪᠠᠶᠢᠵᠤ᠂ ᠡᠨᠡ ᠵᠢᠯ ᠤᠯᠤᠰ ᠤᠨ ᠳᠥᠷᠪᠡᠳᠦᠭᠡᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠲᠠᠢ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠣᠷᠣᠭᠤᠯᠤᠭᠰᠠᠨ ᠪᠥᠭᠡᠳ ᠬᠡᠷᠡᠭᠯᠡᠭᠡᠨ ᠠᠴᠠ ᠭᠠᠷᠭᠠᠵᠤ ᠰᠢᠨ᠎ᠡ ᠪᠠᠷ ᠬᠤᠳᠠᠯᠳᠤᠨ ᠠᠪᠤᠭᠰᠠᠨ ᠲᠡᠷᠭᠡᠨ ᠤ ᠬᠡᠯᠪᠡᠷᠢ  ᠶᠢ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠪᠤᠶᠤ ᠰᠢᠨ᠎ᠡ ᠡᠨᠧᠷᠭᠢ ᠶᠢᠨ ᠡᠵᠡᠩᠨᠡᠯᠲᠡ ᠶᠢᠨ ᠪᠠᠷᠠᠭᠠᠨ ᠤ ᠲᠡᠷᠭᠡ ᠪᠣᠯᠭᠠᠨ ᠲᠣᠬᠢᠷᠠᠭᠤᠯᠪᠠ︔ ᠭᠤᠷᠪᠠ ᠳᠤ ᠮᠠᠲ᠋ᠧᠷᠢᠶᠠᠯ ᠢ ᠬᠢᠨᠠᠨ ᠬᠠᠷᠭᠤᠭᠤᠯᠬᠤ ᠴᠠᠭ ᠢ ᠪᠣᠭᠤᠨᠢᠰᠬᠠᠪᠠ᠃ ᠨᠢᠳᠤᠨᠤᠨ ᠵᠠᠮ ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ᠂ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠬᠠᠷᠭᠤᠭᠤᠯᠬᠤ ᠮᠠᠲ᠋ᠧᠷᠢᠶᠠᠯ ᠤᠨ ᠴᠠᠭ ᠨᠢ 15 ᠠᠵᠢᠯᠯᠠᠬᠤ ᠡᠳᠦᠷ ᠪᠠᠶᠢᠵᠤ᠂ ᠡᠨᠡ ᠵᠢᠯ 10 ᠠᠵᠢᠯᠯᠠᠬᠤ ᠡᠳᠦᠷ ᠪᠣᠯᠭᠠᠨ ᠲᠣᠬᠢᠷᠠᠭᠤᠯᠪᠠ᠃ ︽ᠨᠢᠭᠡ ᠰᠢᠨ᠎ᠡ ᠪᠠᠷ ᠨᠡᠮᠡᠭᠳᠡᠭᠰᠡᠨ︾ ᠭᠡᠳᠡᠭ ᠨᠢ ᠳᠠᠷᠤᠶ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠤᠷᠢᠳᠴᠢᠯᠠᠨ ᠬᠡᠷᠡᠭᠯᠡᠭᠡᠨ ᠠᠴᠠ ᠭᠠᠷᠭᠠᠭᠰᠠᠨ ᠴᠠᠭ ᠨᠢ 1 ᠵᠢᠯ ᠬᠦᠷᠬᠦ ᠦᠭᠡᠶ ᠪᠣᠯ ᠬᠡᠷᠡᠭᠯᠡᠭᠡᠨ ᠠᠴᠠ ᠭᠠᠷᠭᠠᠬᠤ ᠨᠥᠬᠦᠪᠥᠷᠢ ᠭᠤᠶᠤᠴᠢᠯᠠᠵᠤ ᠪᠣᠯᠬᠤ ᠦᠭᠡᠶ᠂ ᠭᠡᠬᠦ ᠳᠡᠭᠡᠨ ᠰᠢᠨ᠎ᠡ ᠪᠠᠷ ᠬᠤᠳᠠᠯᠳᠤᠨ ᠠᠪᠤᠭᠰᠠᠨ ᠪᠠᠷᠠᠭᠠᠨ ᠤ ᠲᠡᠷᠭᠡ ᠶᠢᠨ ᠨᠥᠬᠦᠪᠥᠷᠢ ᠶᠢ ᠭᠤᠶᠤᠴᠢᠯᠠᠵᠤ ᠪᠣᠯᠤᠨ᠎ᠠ᠃ᠲᠦᠷᠦ ᠶᠢᠨ ᠪᠣᠳᠤᠯᠭ᠎ᠠ ᠶᠢᠨ ᠪᠢᠴᠢᠭ ᠮᠠᠲ᠋ᠧᠷᠢᠶᠠᠯ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢᠨ ᠬᠡᠷᠡᠭᠵᠢᠭᠦᠯᠬᠦ ᠨᠠᠷᠢᠨ ᠲᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ  ᠳᠣᠲᠣᠭᠠᠳᠤ ᠶᠢ ᠬᠠᠮᠠᠭᠠᠯᠠᠬᠤ ᠲᠢᠩᠬᠢᠮ  ᠡᠳ᠋ ᠤᠨ ᠵᠠᠰᠠᠭ ᠤᠨ ᠲᠢᠩᠬᠢᠮ  ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠮᠡᠳᠡᠭᠳᠡᠯ    
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号