ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠶᠡᠷᠦᠩᠬᠡᠶᠢᠯᠡᠭᠰᠡᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠡᠬᠢᠯᠡᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠦᠳᠲᠡᠷ ᠲᠦᠷᠭᠡᠨ ᠬᠥᠳᠡᠯᠦᠯᠴᠡᠵᠦ᠂ ᠭᠤᠣᠯᠯᠠᠬᠤ | ᠬᠦᠴᠦᠨ ᠢᠶᠠᠨ ᠲᠥᠪᠯᠡᠷᠡᠭᠦᠯᠦᠨ᠂ ᠲᠢᠩᠬᠢᠮ ᠤᠨ ᠲᠥᠯᠥᠪᠵᠢᠭᠦᠯᠭᠡ ᠶᠢᠨ ᠭᠠᠵᠠᠷ ᠲᠠᠢ ᠢᠳᠡᠪᠬᠢᠲᠡᠶ ᠬᠠᠮᠵᠢᠯᠴᠠᠵᠤ᠂ | ︽ᠭᠤᠷᠪᠠᠨ ᠴᠢᠬᠤᠯᠠ ᠶᠡᠭᠡ︾ ᠰᠤᠳᠤᠯᠭᠠᠨ ᠢ ᠥᠷᠨᠢᠭᠦᠯᠦᠨ᠂ ᠬᠥᠭᠵᠢᠯᠲᠡ ᠶᠢᠨ ᠰᠡᠳᠭᠢᠮᠵᠢ ᠶᠢ ᠲᠤᠭᠤᠷᠪᠢᠵᠤ᠂ | ︽ᠠᠷᠪᠠᠨ ᠲᠠᠪᠤᠳᠤᠭᠠᠷ ᠲᠠᠪᠤᠨ ᠵᠢᠯ︾ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠰᠤᠳᠤᠯᠬᠤ ᠪᠠ ᠨᠠᠶᠢᠷᠠᠭᠤᠯᠤᠨ ᠵᠣᠬᠢᠶᠠᠬᠤ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ | ᠪᠠᠷ ᠲᠤᠯᠭᠠᠭᠤᠷᠢᠯᠠᠨ ᠠᠬᠢᠭᠤᠯᠤᠨ᠎ᠠ᠃ | ᠲᠢᠩᠬᠢᠮ ᠤᠨ ᠲᠥᠯᠥᠪᠵᠢᠭᠦᠯᠭᠡ ᠶᠢᠨ ᠭᠠᠵᠠᠷ ᠤᠨ ᠵᠢᠯᠤᠭᠤᠳᠤᠯᠭ᠎ᠠ ᠳᠣᠣᠷ᠎ᠠ᠂ ᠲᠤᠰ ᠬᠦᠷᠢᠶᠡᠯᠡᠩ ᠤᠨ ᠬᠢᠨ | ᠲᠥᠯᠥᠪᠵᠢᠭᠦᠯᠭᠡ ᠶᠢ ᠰᠤᠳᠤᠯᠤᠨ ᠨᠠᠶᠢᠷᠠᠭᠤᠯᠬᠤ ᠳᠤᠭᠤᠶᠢᠯᠠᠩ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ | ᠶᠠᠪᠤᠳᠠᠯ︾ ᠢ ᠰᠠᠶᠢᠲᠤᠷ ᠬᠢᠬᠦ ᠳᠤ ᠦᠢᠯᠡᠴᠢᠯᠡᠬᠦ ᠶᠢᠨ ᠲᠣᠭᠤᠷᠢᠨ ᠳᠤ᠂ ︽ᠬᠤᠶᠠᠷ ᠬᠥᠲᠥᠯᠪᠦᠷᠢ︾ ᠪᠣᠯᠤᠨ | 2035 ᠣᠨ ᠤ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠤᠨ ᠬᠠᠷᠠᠯᠲᠠ ᠲᠠᠢ | ᠭᠦᠢᠴᠡᠳ ᠵᠣᠯᠭᠠᠭᠤᠯᠵᠤ᠂ ᠬᠥᠮᠦᠨ ᠠᠮᠠ ᠪᠣᠯᠤᠨ ᠠᠵᠤ ᠦᠢᠯᠡᠰ ᠤᠨ ᠪᠠᠶᠢᠷᠢᠰᠢᠭᠤᠯᠤᠯᠲᠠ ᠪᠠᠷ ᠵᠢᠯᠣᠭᠤᠳᠤᠮᠵᠢ | ᠪᠣᠯᠭᠠᠵᠤ ᠲᠥᠯᠥᠪᠵᠢᠭᠦᠯᠭᠡ ᠶᠢᠨ ᠲᠤᠰᠬᠠᠢ ᠰᠡᠳᠦᠪᠲᠦ ᠰᠤᠳᠤᠯᠭᠠᠨ ᠢ ᠥᠷᠨᠢᠭᠦᠯᠪᠡ︔ ᠤᠯᠤᠰ ᠪᠣᠯᠤᠨ | ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠬᠥᠳᠡᠯᠦᠯ ᠪᠠᠶᠢᠳᠠᠯ ᠪᠣᠯᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠠᠭ ᠲᠤᠬᠠᠶ ᠳᠤ ᠨᠢ | ᠡᠵᠡᠮᠰᠢᠵᠦ᠂ ᠴᠠᠭ ᠬᠤᠭᠤᠴᠠᠭᠠᠨ ᠤ ᠵᠠᠩᠭᠢᠶᠠᠰᠤ ᠶᠣᠰᠣᠭᠠᠷ ᠠᠵᠢᠯ ᠢᠶᠠᠨ ᠲᠦᠯᠬᠢᠨ ᠠᠬᠢᠭᠤᠯᠤᠨ᠎ᠠ︔ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠵᠠᠰᠠᠮᠠᠯ ᠵᠠᠮ᠂ ᠲᠡᠮᠦᠷ ᠵᠠᠮ᠂ ᠣᠷᠴᠢᠨ ᠲᠣᠭᠤᠷᠢᠨ᠂ ᠠᠵᠤ | ᠠᠬᠤᠶ ᠵᠡᠷᠭᠡ ᠲᠤᠰᠬᠠᠶ ᠮᠡᠷᠭᠡᠵᠢᠯ ᠤᠨ ᠳ᠋ᠣᠺᠲ᠋ᠣᠷ ᠴᠣᠯᠠ ᠲᠠᠢ ᠲᠤᠰᠬᠠᠶ ᠮᠡᠷᠭᠡᠵᠢᠯ ᠤᠨ ᠠᠵᠢᠯᠲᠠᠨ ᠢ ᠰᠣᠩᠭᠤᠨ | ᠮᠡᠷᠭᠡᠵᠢᠯ ᠤᠨ ᠬᠠᠷᠢᠭᠤᠴᠠᠯᠭᠠᠲᠠᠨ ᠪᠣᠯᠭᠠᠵᠤ᠂ ᠪᠥᠬᠦ ᠬᠦᠷᠢᠶ᠎ᠡ ᠴᠠᠷᠠᠭᠠᠨ ᠳᠤ ᠪᠠᠶᠢᠴᠠᠭᠠᠨ ᠰᠤᠳᠤᠯᠤᠯᠲᠠ | ᠥᠷᠨᠢᠭᠦᠯᠦᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠡᠯ᠎ᠡ ᠭᠠᠵᠠᠷ ᠤᠨ ᠬᠥᠭᠵᠢᠯᠲᠡ ᠶᠢᠨ ᠬᠦᠰᠡᠯ | ᠱᠠᠭᠠᠷᠳᠠᠯᠭ᠎ᠠ᠂ ᠭᠤᠤᠯᠳᠠᠯᠭ᠎ᠠ ᠲᠠᠢ ᠲᠥᠷᠥᠯ ᠵᠦᠶᠯ ᠵᠢᠴᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠡᠮᠬᠢᠯᠡᠵᠦ᠂ | ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠬᠤ ᠨᠠᠷᠢᠨ ᠬᠠᠭᠤᠳᠠᠰᠤ ᠶᠢ ᠪᠠᠶᠢᠭᠤᠯᠤᠨ᠂ ᠬᠡᠰᠡᠭ ᠬᠤᠪᠢᠶᠠᠭᠰᠠᠨ | ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠶᠢ ᠣᠨᠣᠴᠠᠲᠠᠢ ᠪᠠᠷ ᠲᠤᠯᠭᠠᠭᠤᠷᠢᠯᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠪᠣᠯᠤᠨ ᠲᠣᠪᠣᠶᠢᠮ᠎ᠠ ᠠᠰᠠᠭᠤᠳᠠᠯ ᠢ ᠳ᠋ᠦᠩᠨᠡᠬᠦ ᠪᠠᠷ | ᠳᠡᠮᠵᠢᠨ᠂ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ | ᠦᠨᠳᠦᠰᠦᠨ ᠰᠡᠳᠬᠢᠮᠵᠢ ᠶᠢᠨ ᠰᠤᠳᠤᠯᠭᠠᠨ ᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠠᠷᠪᠠᠨ | ᠲᠠᠪᠤᠳᠤᠭᠠᠷ ᠲᠠᠪᠤᠨ ᠵᠢᠯ︾ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠡᠭᠦᠷᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠤᠨ ᠴᠢᠬᠤᠯᠠ ᠶᠡᠭᠡ ᠢᠨᠵᠧᠨᠧᠷᠢᠩ ᠤᠨ | ᠲᠥᠷᠥᠯ ᠵᠦᠶᠯ ᠢ ᠳᠤᠷᠠᠳᠴᠤ᠂ ᠬᠥᠭᠵᠢᠯᠲᠡ ᠶᠢᠨ ᠲᠥᠯᠥᠪᠵᠢᠭᠦᠯᠭᠡ ᠶᠢᠨ ᠦᠨᠳᠦᠰᠦᠨ ᠰᠡᠳᠬᠢᠮᠵᠢ ᠶᠢ ᠠᠩᠬ᠎ᠠ | ᠠᠯᠬᠤᠮ ᠪᠦᠷᠢᠯᠳᠦᠭᠦᠯᠦᠭᠰᠡᠨ ᠪᠥᠭᠡᠳ ︽ᠵᠠᠮ ᠬᠠᠷᠢᠯᠴᠠᠭ᠎ᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠲᠤᠯᠭᠠᠭᠤᠷᠢᠯᠠᠬᠤ ᠭᠤᠤᠯᠳᠠᠯᠭ᠎ᠠ ᠲᠠᠢ ᠠᠰᠠᠭᠤᠳᠠᠯ ᠤᠨ ᠵᠠᠳᠠᠯᠤᠯᠲᠠ ᠶᠢᠨ ᠮᠡᠳᠡᠭᠦᠯᠦᠯᠲᠡ︾᠂ ︽ᠵᠠᠮ ᠬᠠᠷᠢᠯᠴᠠᠭ᠎ᠠ | ᠲᠡᠭᠡᠭᠡᠪᠦᠷᠢ ᠶᠢᠨ ᠦᠶᠯᠡᠴᠢᠯᠡᠭᠡᠨ ᠤ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ | ᠶᠢᠨ ᠰᠤᠳᠤᠯᠭᠠᠨ︾᠂ ︽ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠴᠢᠯᠡᠭᠡᠨ ᠤ ᠥᠨᠳᠥᠷ ᠲᠦᠪᠰᠢᠨ ᠪᠥᠬᠦᠶ | ᠭᠠᠳᠠᠭᠠᠳᠤ ᠨᠡᠭᠡᠭᠡᠯᠲᠡ ᠶᠢ ᠲᠤᠯᠭᠠᠭᠤᠷᠢᠯᠠᠬᠤ︾ ᠵᠡᠷᠭᠡ ᠲᠤᠰᠬᠠᠶ ᠰᠡᠳᠦᠪᠲᠦ ᠰᠤᠳᠤᠯᠭᠠᠨ ᠤ ᠦᠷ᠎ᠡ ᠪᠦᠲᠦᠭᠡᠯ ᠢ | ᠪᠦᠷᠢᠯᠳᠦᠭᠦᠯᠪᠡ᠃ | ᠲᠤᠰ ᠬᠦᠷᠢᠶᠡᠯᠡᠩ ᠤᠨ ᠬᠢᠨ ᠲᠥᠯᠥᠪᠵᠢᠭᠦᠯᠭᠡ ᠰᠤᠳᠤᠯᠭᠠᠨ ᠤ ᠭᠤᠣᠯ ᠬᠦᠴᠦᠨ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠤᠳᠤᠯᠭ᠎ᠠ ᠶᠢᠨ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠵᠠᠩᠭᠢᠯᠠᠭ᠎ᠠ ᠶᠢᠨ | ᠠᠰᠠᠭᠤᠳᠠᠯ ᠪᠣᠯᠤᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠭᠦᠨᠵᠡᠭᠡᠶᠢᠷᠡᠭᠦᠯᠵᠦ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠥᠯᠥᠪᠵᠢᠭᠦᠯᠭᠡ ᠶᠢᠨ ᠪᠠᠷᠠᠯᠠᠯᠳᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠣᠯᠤᠨ | ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠰᠤᠳᠤᠯᠭᠠᠨ ᠤ ᠦᠷ᠎ᠡ ᠪᠦᠲᠦᠭᠡᠯ ᠢᠶᠠᠷ | ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠪᠣᠯᠤᠨ᠎ᠠ᠃ | | |