ᠣᠶᠢᠷ᠎ᠠ ᠳᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠡᠨᠡ ᠵᠢᠯ | ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ C909 ᠨᠢᠰᠬᠡᠯ ᠢ ᠰᠢᠨ᠎ᠡ ᠪᠠᠷ 2 ᠣᠷᠣᠭᠤᠯᠤᠨ | ᠠᠪᠴᠢᠷᠠᠬᠤ ᠪᠠᠷ ᠲᠣᠭᠲᠠᠵᠤ᠂ ᠠᠭᠠᠷ ᠤᠨ ᠠᠶᠠᠯᠠᠯ ᠤᠨ ᠲᠣᠣᠷ ᠤᠨ ᠪᠠᠶᠢᠷᠢᠰᠢᠯ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠲᠢᠶᠠᠨ ᠵᠢᠶᠤᠤ ᠠᠭᠠᠷ ᠤᠨ ᠠᠶᠠᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ | ᠪᠠᠶᠢᠨ᠎ᠠ᠃ | ᠲᠢᠶᠠᠨ ᠵᠢᠶᠤᠤ ᠠᠭᠠᠷ ᠤᠨ ᠠᠶᠠᠯᠠᠯ 2017 ᠣᠨ ᠳᠤ ᠪᠠᠶᠢᠭᠤᠯᠤᠭᠳᠠᠵᠤ᠂ 2019 ᠣᠨ ᠤ 7 ᠳ᠋ᠤᠭᠠᠷ | ᠰᠠᠷ᠎ᠠ ᠶᠢᠨ 26 ᠤ ᠡᠳᠦᠷ ᠠᠩᠬᠠᠨ ᠤ ᠠᠶᠠᠯᠠᠯ ᠢᠶᠠᠨ ᠪᠡᠶᠡᠯᠡᠭᠦᠯᠵᠦ᠂ ᠪᠥᠬᠦ ᠤᠯᠤᠰ ᠤᠨ ᠴᠣᠷ ᠤᠨ ᠭᠠᠭᠴᠠ | ᠰᠠᠯᠪᠤᠷᠢ ᠱᠤᠭᠤᠮ ᠤᠨ ᠡᠵᠡᠩᠨᠡᠯᠲᠡ ᠶᠢᠨ ᠫᠠᠶᠢᠰᠠ ᠦᠨᠡᠮᠯᠡᠯ ᠲᠠᠢ ᠪᠠ ᠴᠤᠯᠤ ᠤᠯᠤᠰ ᠲᠤ ᠪᠠᠨ ᠦᠶᠯᠡᠳᠪᠦᠷᠢᠯᠡᠭᠰᠡᠨ | ᠠᠷᠠᠳ ᠤᠨ ᠨᠢᠰᠬᠡᠯ ᠤᠨ ᠠᠩᠭᠢ ᠶᠢ ᠡᠵᠡᠩᠨᠡᠵᠦ ᠪᠠᠶᠢᠭ᠎ᠠ ᠠᠭᠠᠷ ᠤᠨ ᠠᠶᠠᠯᠠᠯ ᠤᠨ ᠺᠣᠮᠫᠠᠨᠢ ᠪᠣᠯᠤᠨ᠎ᠠ᠂ ᠪᠠᠰᠠ ᠴᠤ | ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠶᠢᠨ ᠣᠶᠢᠷ᠎ᠠ ᠶᠢᠨ 10 ᠵᠢᠯ ᠳᠠᠬᠢ ᠴᠣᠷ ᠤᠨ ᠭᠠᠭᠴᠠ | ᠪᠠᠶᠢᠭᠤᠯᠬᠤ ᠪᠠᠷ ᠵᠥᠪᠰᠢᠶᠡᠷᠡᠭᠰᠡᠨ ᠠᠶᠠᠨᠴᠢᠳ ᠤᠨ ᠵᠥᠭᠡᠭᠡᠪᠦᠷᠢ ᠶᠢᠨ ᠠᠭᠠᠷ ᠤᠨ ᠠᠶᠠᠯᠠᠯ ᠤᠨ ᠺᠣᠮᠫᠠᠨᠢ ᠪᠣᠯᠤᠨ᠎ᠠ᠃ | ᠪᠠᠶᠢᠭᠤᠯᠤᠭᠳᠠᠭᠰᠠᠨ ᠠᠴᠠ ᠣᠲᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠣᠰ ᠭᠠᠵᠠᠷ ᠤᠨ ᠠᠭᠠᠷ ᠤᠨ | ᠠᠶᠠᠯᠠᠯ ᠤᠨ ᠺᠣᠮᠫᠠᠨᠢ ᠶᠢᠨ ᠥᠬᠡᠶ ᠪᠠᠶᠢᠭᠰᠠᠨ ᠠᠴᠠ ᠪᠠᠨ ᠪᠠᠶᠢᠬᠤ ᠪᠣᠯᠵᠣ᠂ ᠨᠢᠰᠬᠡᠯ ᠤᠨ ᠠᠩᠭᠢ ᠶᠢᠨ ᠬᠡᠪᠴᠢᠶ᠎ᠡ | ᠪᠠᠭ᠎ᠠ ᠪᠠᠶᠢᠭᠰᠠᠨ ᠠᠴᠠ ᠶᠡᠭᠡ ᠪᠣᠯᠣᠭᠰᠠᠨ ᠢ ᠪᠡᠶᠡᠯᠡᠭᠦᠯᠵᠦ᠂ ᠠᠶᠠᠯᠠᠯ ᠤᠨ ᠴᠡᠭ ᠤᠨ ᠬᠡᠪᠴᠢᠶ᠎ᠡ ᠶᠢ ᠣᠷᠣᠨ ᠤ | ᠳᠣᠲᠣᠨ᠎ᠠ ᠠᠴᠠ ᠣᠷᠣᠨ ᠤ ᠭᠠᠳᠠᠨ᠎ᠠ ᠪᠣᠯᠭᠠᠬᠤ ᠶᠢ ᠠᠬᠢᠭᠤᠯᠤᠭᠰᠠᠨ ᠢᠶᠠᠷ ᠪᠠᠷᠠᠬᠤ ᠥᠬᠡᠶ᠂ ᠥᠪᠡᠷᠲᠡᠭᠡᠨ ᠵᠠᠰᠠᠬᠤ | ᠣᠷᠣᠨ ᠤ ᠡᠯ᠎ᠡ ᠠᠶᠢᠮᠠᠭ ᠬᠤᠲᠠ ᠶᠢᠨ ᠬᠤᠭᠤᠷᠣᠨᠳᠣᠬᠢ ᠥᠨᠳᠥᠷ ᠪᠦᠲᠦᠮᠵᠢᠲᠡᠶ ᠬᠤᠯᠪᠣᠯᠳᠤᠨ ᠨᠡᠪᠲᠡᠷᠡᠯᠴᠡᠬᠦ ᠪᠠ | ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠴᠤ ᠪᠠᠲᠤ ᠪᠠᠬᠢ ᠪᠠᠲᠤᠯᠠᠭ᠎ᠠ | ᠬᠠᠩᠭᠠᠭᠰᠠᠨ ᠪᠠᠶᠢᠨ᠎ᠠ ᠃ | ᠲᠢᠶᠠᠨ ᠵᠢᠶᠤᠤ ᠠᠭᠠᠷ ᠤᠨ ᠠᠶᠠᠯᠠᠯ ᠪᠠᠶᠢᠭᠤᠯᠤᠭᠳᠠᠭᠰᠠᠨ ᠠᠴᠠ ᠨᠠᠭᠠᠰᠢ᠂ ᠥᠪᠥᠷ ᠮᠣᠩᠭᠤᠯ ᠤᠨ ᠵᠠᠮ | ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠠᠮᠤᠷ ᠲᠦᠪᠰᠢᠨ ᠢ ᠪᠠᠲᠤᠯᠠᠬᠤ᠂ ᠥᠭᠡᠷᠡᠴᠢᠯᠡᠯᠲᠡ ᠶᠢ | ᠠᠳᠬᠤᠬᠤ ᠶᠢ ᠲᠢᠶᠠᠨ ᠵᠢᠶᠤᠤ ᠠᠭᠠᠷ ᠤᠨ ᠠᠶᠠᠯᠠᠯ ᠤᠨ ᠬᠥᠭᠵᠢᠯᠲᠡ ᠶᠢᠨ ᠪᠠᠶᠢᠳᠠᠯ ᠢ ᠲᠣᠭᠲᠠᠭᠤᠨ ᠪᠠᠶᠢᠯᠭᠠᠵᠤ᠂ | ᠯᠠᠪᠳᠠᠭᠤᠨ ᠢᠶᠠᠷ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠴᠢᠬᠤᠯᠠ ᠭᠠᠷᠳᠠᠴᠠ ᠪᠣᠯᠭᠠᠨ᠂ | ︽ᠡᠳ᠋ ᠬᠥᠷᠥᠩᠭᠡ ᠶᠢ ᠴᠢᠬᠤᠯᠠᠴᠢᠯᠠᠵᠤ ᠠᠰᠢᠭ ᠬᠤᠨᠵᠢᠪᠣᠷᠢ ᠬᠥᠩᠭᠡᠪᠴᠢᠯᠡᠬᠦ︾ ᠠᠵᠤ ᠠᠬᠤᠶᠢᠯᠠᠯ ᠤᠨ ᠣᠨᠴᠠ | ᠴᠢᠨᠠᠷ ᠪᠣᠯᠤᠨ ᠡᠵᠡᠩᠨᠡᠯᠲᠡ ᠶᠢᠨ ᠡᠬᠢᠨ ᠤ ᠬᠤᠭᠤᠴᠠᠭᠠᠨ ᠳᠤ ᠲᠣᠮᠣ ᠨᠢᠰᠬᠡᠯ ᠴᠥᠭᠡᠨ ᠣᠷᠣᠭᠤᠯᠤᠭᠰᠠᠨ ᠪᠣᠳᠠᠲᠤ | ᠪᠠᠶᠢᠳᠠᠯ ᠳᠤ ᠰᠠᠭᠤᠷᠢᠯᠠᠵᠤ᠂ ᠲᠢᠶᠠᠨ ᠵᠢᠶᠤᠤ ᠠᠭᠠᠷ ᠤᠨ ᠠᠶᠠᠯᠠᠯ ᠤᠨ ᠬᠢᠨ ᠬᠢᠵᠢᠭ ᠤᠨ ᠪᠠᠶᠢᠳᠠᠯ ᠵᠡᠷᠭᠡ | ᠨᠥᠯᠥᠭᠡᠯᠡᠬᠦ ᠬᠦᠴᠦᠨ ᠵᠦᠶᠯ ᠳᠤ ᠰᠢᠭᠤᠳ ᠬᠠᠨᠳᠤᠬᠤ ᠶᠢ ᠠᠬᠢᠭᠤᠯᠤᠨ᠂ ᠠᠶᠦᠯᠭᠦᠢ ᠦᠢᠯᠡᠳᠪᠦᠷᠢᠯᠡᠯ ᠤᠨ | ᠥᠭᠡᠷᠡᠴᠢᠯᠡᠯᠲᠡ ᠬᠢᠭᠡᠳ ᠴᠡᠭᠴᠡᠯᠡᠯᠲᠡ ᠶᠢ ᠪᠦᠬᠦ ᠲᠠᠯ᠎ᠠ ᠪᠠᠷ ᠭᠦᠨᠵᠡᠭᠡᠶ ᠦᠷᠨᠢᠭᠦᠯᠵᠦ᠂ ᠠᠮᠤᠷ ᠲᠦᠪᠰᠢᠨ ᠤ | ᠬᠠᠮᠢᠶᠠᠷᠤᠯᠲᠠ ᠶᠢᠨ ᠰᠢᠰᠲ᠋ᠧᠮ ᠢ ᠳᠠᠬᠢᠨ ᠪᠠᠶᠢᠭᠤᠯᠤᠨ᠂ ᠠᠵᠢᠯᠯᠠᠭᠠᠨ ᠤ ᠵᠣᠬᠢᠶᠠᠨ ᠪᠠᠶᠢᠭᠤᠯᠤᠯᠲᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ | ᠨᠢᠰᠬᠡᠯ ᠢ ᠲᠣᠭᠲᠠᠮᠠᠯ ᠬᠤᠭᠤᠴᠠᠭᠠᠨ ᠳᠤ ᠪᠠᠶᠢᠴᠠᠭᠠᠬᠤ᠂ ᠠᠭᠠᠷ ᠠᠶᠠᠯᠠᠯ ᠤᠨ ᠠᠶᠤᠯᠲᠤ ᠪᠣᠳᠠᠰ ᠤᠨ ᠪᠣᠯᠪᠠᠰᠤᠷᠠᠯ | ᠵᠡᠷᠭᠡ ᠬᠢᠷᠢ ᠬᠡᠮ ᠤᠨ ᠵᠥᠪᠰᠢᠶᠡᠷᠡᠯ ᠢ ᠣᠯᠵᠤ᠂ ᠠᠭᠠᠷ ᠤᠨ ᠠᠶᠠᠯᠠᠯ ᠤᠨ ᠠᠮᠤᠷ ᠲᠦᠪᠰᠢᠨ ᠢ ᠰᠠᠨᠠᠭᠠᠴᠢᠯᠠᠭ᠎ᠠ ᠠᠴᠠ | ᠪᠠᠨ ᠰᠡᠷᠭᠡᠶᠢᠯᠡᠨ ᠡᠵᠡᠮᠳᠡᠬᠦ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ | 2024 ᠣᠨ ᠳᠤ᠂ ᠲᠢᠶᠠᠨ ᠵᠢᠶᠤᠤ ᠠᠭᠠᠷ ᠤᠨ ᠠᠶᠠᠯᠠᠯ ᠠᠮᠤᠷ ᠲᠦᠪᠰᠢᠨ ᠢᠶᠠᠷ 11050 ᠴᠠᠭ ᠨᠢᠰᠴᠦ᠂ | ᠠᠳᠠᠯᠢ ᠬᠤᠭᠤᠴᠠᠭᠠᠨ ᠤ ᠬᠢ ᠠᠴᠠ 129% ᠪᠠᠷ ᠨᠡᠮᠡᠭᠳᠡᠪᠡ︔ 7350 ᠡᠭᠡᠯᠵᠢ ᠭᠦᠢᠴᠡᠳᠬᠡᠵᠦ᠂ ᠠᠳᠠᠯᠢ | ᠬᠤᠭᠤᠴᠠᠭᠠᠨ ᠤ ᠬᠢ ᠠᠴᠠ 149% ᠪᠠᠷ ᠨᠡᠮᠡᠭᠳᠡᠵᠦ᠂ ᠨᠢᠰᠦᠯᠲᠡ ᠶᠢᠨ ᠬᠡᠯᠲᠡᠰ ᠤᠨ ᠨᠢᠰᠦᠯᠲᠡ ᠶᠢᠨ ᠨᠢᠭᠡᠳᠦᠭᠡᠷ | ᠳᠤᠮᠳᠠ ᠠᠩᠭᠢ ᠨᠢ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠶᠢᠨ 2024 ᠣᠨ ᠤ ︽ᠪᠥᠬᠦ ᠤᠯᠤᠰ | ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠠᠮᠤᠷ ᠲᠦᠪᠰᠢᠨ ᠤ ᠰᠤᠷᠲᠠᠯ ᠤᠨ ᠰᠢᠯᠢᠳᠡᠭ ᠠᠩᠭᠢ ᠳᠤᠭᠤᠶᠢᠯᠠᠩ︾ | ᠤᠨ ᠢᠷᠠᠭᠤ ᠠᠯᠳᠠᠷ ᠢ ᠭᠥᠷᠳᠡᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭ᠎ᠠ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠷᠭ᠎ᠠ ᠵᠠᠮ ᠢᠶᠠᠷ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠯᠠ | ᠣᠷᠣᠭᠤᠯᠤᠯᠲᠠ ᠶᠢᠨ ᠪᠦᠯᠦᠭᠯᠡᠯ ᠨᠢ ᠲᠢᠶᠠᠨ ᠵᠢᠶᠤᠤ ᠠᠭᠠᠷ ᠤᠨ ᠠᠶᠠᠯᠠᠯ ᠤᠨ ᠬᠥᠳᠡᠯᠮᠦᠷᠢ᠂ ᠠᠵᠢᠯᠲᠠᠨ ᠤ ᠶᠠᠪᠤᠳᠠᠯ᠂ | ᠬᠤᠪᠢᠶᠠᠷᠢᠯᠠᠯᠲᠠ ᠵᠡᠷᠭᠡ ᠭᠤᠷᠪᠠᠨ ᠵᠦᠶᠯ ᠤᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠥᠪᠡᠷ ᠤᠨ | ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠪᠠ᠃ ᠡᠨᠡ | ᠵᠢᠯ ᠤᠨ ᠨᠢᠭᠡᠳᠦᠭᠡᠷ ᠤᠯᠠᠷᠢᠯ ᠳᠤ᠂ ᠲᠢᠶᠠᠨ ᠵᠢᠶᠤᠤ ᠠᠭᠠᠷ ᠤᠨ ᠠᠶᠠᠯᠠᠯ ᠤᠨ ᠡᠵᠡᠩᠨᠡᠯᠲᠡ ᠶᠢᠨ ᠶᠡᠷᠦᠩᠬᠡᠶ | ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 56.38% ᠪᠠᠷ ᠨᠡᠮᠡᠭᠳᠡᠵᠦ᠂ ᠠᠰᠢᠭ ᠣᠷᠣᠯᠭ᠎ᠠ ᠶᠢᠨ ᠶᠡᠷᠦᠩᠬᠡᠶ | ᠲᠤᠭ᠎ᠠ ᠠᠳᠠᠯᠢ ᠬᠤᠭᠤᠴᠠᠭᠠᠨ ᠤ ᠬᠢ ᠠᠴᠠ 8.75% ᠪᠠᠷ ᠨᠡᠮᠡᠭᠳᠡᠪᠡ᠃ | ᠥᠭᠡᠷᠡᠴᠢᠯᠡᠯᠲᠡ ᠶᠢᠨ ᠵᠣᠷᠢᠯᠭ᠎ᠠ ᠪᠣᠯ ᠬᠦᠭᠵᠢᠬᠦ ᠶᠢᠨ ᠲᠥᠯᠥᠭᠡ ᠶᠤᠮ᠂ ᠥᠭᠡᠷᠡᠴᠢᠯᠡᠯᠲᠡ ᠶᠢᠨ ᠣᠯᠤᠭᠰᠠᠨ | ᠠᠮᠵᠢᠯᠲᠠ ᠨᠢ ᠴᠦ ᠬᠥᠭᠵᠢᠯᠲᠡ ᠪᠠᠷ ᠲᠡᠭᠦᠨ ᠤ ᠬᠦᠴᠦᠨ ᠢ ᠭᠡᠷᠡᠴᠢᠯᠡᠬᠦ ᠪᠣᠯᠣᠨ᠎ᠠ᠃ ᠥᠪᠥᠷ ᠮᠣᠩᠭᠤᠯ ᠤᠨ ᠵᠠᠮ | ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠳᠡᠮᠵᠢᠯᠭᠡ ᠳᠣᠤᠷ᠎ᠠ᠂ ᠲᠢᠶᠠᠨ ᠵᠢᠶᠤᠤ ᠠᠭᠠᠷ ᠤᠨ | ᠠᠶᠠᠯᠠᠯ ᠤᠨ ᠺᠣᠮᠫᠠᠨᠢ ᠨᠢ ᠠᠭᠠᠷ ᠤᠨ ᠠᠶᠠᠯᠠᠯ ᠤᠨ ᠱᠤᠭᠤᠮ ᠤᠨ ᠲᠣᠤᠷ ᠢ ᠨᠢᠭᠲᠠᠷᠠᠭᠤᠯᠵᠤ᠂ ᠡᠵᠡᠩᠨᠡᠨ | ᠪᠣᠷᠣᠯᠠᠭᠤᠯᠬᠤ ᠠᠷᠭ᠎ᠠ ᠪᠠᠷᠢᠯ ᠤᠨ ᠰᠢᠨ᠎ᠡ ᠶᠢ ᠡᠭᠦᠳᠬᠦ ᠵᠡᠷᠭᠡ ᠠᠷᠭ᠎ᠠ ᠬᠡᠮᠵᠢᠶ᠎ᠡ ᠠᠪᠴᠤ᠂ ᠦᠶᠯᠡᠴᠢᠯᠡᠭᠡᠨ ᠤ ᠶᠠᠰᠤ | ᠴᠢᠨᠠᠷ ᠪᠣᠯᠤᠨ ᠠᠵᠢᠯᠯᠠᠭᠠᠨ ᠤ ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠠᠶᠠᠯᠠᠯ ᠤᠨ ᠴᠡᠭ ᠢ | ᠲᠠᠰᠤᠷᠠᠯᠲᠠ ᠥᠬᠡᠶ ᠪᠠᠶᠢᠷᠢᠰᠢᠭᠤᠯᠵᠤ᠂ ᠰᠢᠨ᠎ᠡ ᠠᠶᠠᠯᠠᠯ ᠤᠨ ᠱᠤᠭᠤᠮ ᠢ ᠨᠡᠪᠲᠡᠷᠡᠭᠦᠯᠵᠦ᠂ ᠠᠭᠠᠷ ᠤᠨ ᠠᠶᠠᠯᠠᠯ ᠤᠨ | ᠴᠡᠭ ᠨᠢ ᠦᠶᠯᠡᠳᠪᠦᠷᠢᠯᠡᠯ ᠢᠶᠠᠨ ᠰᠡᠷᠭᠦᠭᠡᠭᠰᠡᠨ ᠡᠬᠢᠨ ᠤ ᠦᠶ᠎ᠡ ᠶᠢᠨ 2 ᠪᠠᠶᠢᠭᠰᠠᠨ ᠠᠴᠠ ᠪᠠᠨ 2024 ᠣᠨ ᠳᠤ | 14 ᠪᠣᠯᠤᠨ ᠨᠡᠮᠡᠭᠳᠡᠵᠦ᠂ ᠳᠠᠭᠠᠭᠠᠴᠢᠯᠠᠨ ᠵᠥᠭᠡᠭᠡᠪᠦᠷᠢᠯᠡᠭᠰᠡᠨ ᠠᠶᠠᠨᠴᠢᠳ ᠨᠢ ᠦᠶᠯᠡᠳᠪᠦᠷᠢᠯᠡᠯ ᠢᠶᠠᠨ ᠰᠡᠷᠭᠦᠭᠡᠭᠰᠡᠨ | ᠡᠬᠢᠨ ᠤ ᠦᠶ᠎ᠡ ᠶᠢᠨ 18.2 ᠲᠦᠮᠡᠨ ᠬᠥᠮᠦᠨ ᠤᠳᠠᠭ᠎ᠠ ᠪᠠᠶᠢᠭᠰᠠᠨ ᠠᠴᠠ ᠪᠠᠨ 2024 ᠣᠨ ᠳᠤ 44.4 | ᠲᠦᠮᠡᠨ ᠬᠥᠮᠦᠨ ᠪᠣᠯᠤᠨ ᠨᠡᠮᠡᠭᠳᠡᠵᠦ᠂ ᠨᠢᠰᠬᠡᠯ ᠤᠨ ᠡᠳᠦᠷ ᠪᠦᠷᠢ ᠶᠢᠨ ᠠᠰᠢᠭᠯᠠᠯᠲᠠ ᠶᠢᠨ ᠨᠣᠷᠮ᠎ᠠ ᠨᠢ 2025 | ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠨᠢᠭᠡᠨᠲᠡ 7.13 ᠴᠠᠭ ᠪᠣᠯᠵᠣ᠂ ᠠᠵᠢᠯ | ᠲᠥᠷᠥᠯ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠳᠠᠭ᠃ ᠡᠭᠦᠨ ᠤ ᠬᠠᠮᠲᠤ᠂ ᠨᠢᠰᠬᠡᠯ ᠳᠡᠭᠡᠷ᠎ᠡ ᠨᠡᠷ᠎ᠡ | ᠬᠠᠳᠠᠬᠤ᠂ ᠨᠢᠰᠬᠡᠯ ᠳᠡᠭᠡᠷᠡᠬᠢ ᠬᠤᠳᠠᠯᠳᠤᠭᠠᠨ ᠤ ᠬᠤᠲᠠ᠂ ᠤᠷᠤᠯᠳᠤᠭᠠᠨ ᠤ ᠶᠠᠪᠤᠳᠠᠯ ᠤᠨ ᠪᠠᠲᠤᠯᠠᠭ᠎ᠠ ᠶᠢ ᠭᠥᠯᠢᠶᠡᠨ | ᠠᠪᠬᠤ ᠵᠡᠷᠭᠡ ᠰᠢᠨ᠎ᠡ ᠶᠢ ᠡᠭᠦᠳᠬᠦ ᠵᠠᠭᠪᠤᠷ ᠢᠶᠠᠷ ᠳᠠᠮᠵᠢᠭᠤᠯᠤᠨ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ | ︽ᠳᠠᠷᠪᠢᠯᠲᠠ︾ ᠶᠢ ᠠᠬᠢᠭᠤᠯᠵᠤ᠂ ᠡᠵᠡᠩᠨᠡᠯᠲᠡ ᠶᠢᠨ ᠣᠷᠣᠯᠭ᠎ᠠ ᠨᠢ ᠵᠢᠯ ᠳᠠᠷᠠᠭᠠᠯᠠᠨ ᠨᠡᠮᠡᠭᠳᠡᠪᠡ᠃ 2024 | ᠣᠨ ᠳᠤ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠠᠴᠠ ᠪᠥᠬᠦ ᠤᠯᠤᠰ ᠤᠨ 41 ᠠᠶᠠᠨᠴᠢᠳ ᠤᠨ | ᠵᠥᠭᠡᠭᠡᠪᠦᠷᠢ ᠶᠢᠨ ᠠᠭᠠᠷ ᠤᠨ ᠠᠶᠠᠯᠠᠯ ᠤᠨ ᠺᠣᠮᠫᠠᠨᠢ ᠳᠤ ᠬᠢᠭᠰᠡᠨ ︽ᠲᠠᠪᠤᠨ ᠨᠣᠷᠮ᠎ᠠ ᠶᠢᠨ ᠬᠢᠨᠠᠨ ᠰᠢᠯᠭᠠᠯᠲᠠ︾ | ᠳᠤ ᠲᠠᠪᠤᠳᠤᠭᠠᠷ ᠲᠤ ᠣᠷᠣᠵᠤ᠂ ᠡᠭᠦᠨ ᠳᠤ ᠡᠭᠡᠯᠵᠢ ᠶᠢᠨ ᠨᠢᠰᠬᠡᠯ ᠤᠨ ᠭᠦᠶᠴᠡᠳᠬᠡᠬᠦ ᠨᠣᠷᠮ᠎ᠠ 100% ᠳᠤ | ᠬᠦᠷᠴᠦ᠂ ᠪᠥᠬᠦ ᠤᠯᠤᠰ ᠤᠨ ᠨᠢᠭᠡᠳᠦᠭᠡᠷ ᠲᠤ ᠣᠷᠣᠪᠠ︔ ᠲᠢᠶᠠᠨ ᠵᠢᠶᠤᠤ ᠠᠭᠠᠷ ᠤᠨ ᠠᠶᠠᠯᠠᠯ ᠤᠨ ᠨᠢᠰᠬᠡᠭᠴᠢ | ᠠᠷᠠᠳ ᠤᠨ ᠠᠭᠠᠷ ᠤᠨ ᠲᠡᠭᠡᠭᠡᠪᠦᠷᠢ ᠶᠢᠨ ᠤᠮᠠᠷᠠᠲᠤ ᠣᠷᠣᠨ ᠤ ᠲᠣᠪᠴᠢᠶ᠎ᠠ ᠶᠢ ᠲᠥᠯᠥᠭᠡᠯᠡᠨ ᠳᠤᠮᠳᠠᠳᠤ ᠤᠯᠤᠰ ᠤᠨ | ᠠᠩᠬᠠᠳᠤᠭᠠᠷ ᠬᠤᠭᠤᠴᠠᠭᠠᠨ ᠤ ᠨᠢᠰᠬᠡᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ | ᠣᠷᠣᠯᠴᠠᠭᠠᠳ᠂ ARJ21 ᠨᠢᠰᠬᠡᠯ ᠤᠨ ᠳᠤᠭᠤᠶᠢᠯᠠᠩ ᠤᠨ ᠭᠤᠷᠪᠠᠳᠤᠭᠠᠷ ᠲᠤ ᠣᠷᠣᠵᠠᠶ︔ ᠠᠷᠪᠠᠨ ᠲᠠᠪᠤᠳᠤᠭᠠᠷ | ᠬᠤᠭᠤᠴᠠᠭᠠᠨ ᠤ ᠵᠦᠬᠠᠶ ᠶᠢᠨ ᠠᠭᠠᠷ ᠤᠨ ᠠᠶᠠᠯᠠᠯ ᠤᠨ ᠦᠵᠡᠭᠦᠯᠦᠯᠭᠡ ᠳᠤ᠂ ᠲᠢᠶᠠᠨ ᠵᠢᠶᠤᠤ ᠠᠭᠠᠷ ᠤᠨ ᠠᠶᠠᠯᠠᠯ | ᠤᠨ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠨᠡᠷᠡᠮᠵᠢᠲᠦ︾ | ᠨᠢᠰᠬᠡᠯ ᠣᠯᠠᠨ ᠲᠠᠢ ᠵᠣᠯᠭᠠᠵᠤ᠂ ᠤᠮᠠᠷᠠᠲᠤ ᠬᠢᠯᠢ ᠶᠢᠨ ᠰᠣᠶᠣᠯ ᠢ ᠠᠴᠢᠶᠠᠯᠠᠭᠰᠠᠨ ᠥᠪᠥᠷ ᠮᠣᠩᠭᠤᠯ ᠤᠨ ᠨᠡᠷ᠎ᠡ ᠶᠢᠨ | ᠬᠠᠭᠤᠳᠠᠰᠤ ᠶᠢ ᠳᠡᠯᠡᠬᠡᠶ ᠳ᠋ᠠᠬᠢᠨ ᠳᠤ ᠳᠡᠯᠭᠡᠨ ᠦᠵᠡᠭᠦᠯᠪᠡ᠃ | ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ | ᠪᠦᠯᠦᠭᠯᠡᠯ ᠨᠢ ᠲᠢᠶᠠᠨ ᠵᠢᠶᠤᠤ ᠠᠭᠠᠷ ᠤᠨ ᠠᠶᠠᠯᠠᠯ ᠤᠨ ᠴᠢᠨᠠᠷ ᠰᠠᠶᠢᠲᠠᠶ ᠬᠥᠭᠵᠢᠯᠲᠡ ᠶᠢ ᠨᠢᠭᠡᠨ ᠴᠢᠬᠤᠯᠠ ᠰᠡᠳᠦᠪ | ᠪᠣᠯᠭᠠᠨ ᠭᠦᠨᠵᠡᠭᠡᠶ ᠰᠤᠳᠤᠯᠪᠠ᠃ ᠡᠨᠡ ᠵᠢᠯ ᠤᠨ 4 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠵᠠᠮ ᠬᠠᠷᠢᠯᠴᠠᠭᠠᠨ | ᠤ ᠪᠠᠯᠠ ᠣᠷᠣᠭᠤᠯᠤᠯᠲᠠ ᠶᠢᠨ ᠪᠦᠯᠦᠭᠯᠡᠯ ᠠᠴᠠ ︽ᠲᠢᠶᠠᠨ ᠵᠢᠶᠤᠤ ᠠᠭᠠᠷ ᠤᠨ ᠠᠶᠠᠯᠠᠯ ᠤᠨ ᠴᠢᠨᠠᠷ ᠰᠠᠶᠢᠲᠠᠶ | ᠬᠥᠭᠵᠢᠯᠲᠡ ᠶᠢᠨ ᠠᠷᠭ᠎ᠠ ᠪᠣᠳᠣᠯᠭ᠎ᠠ︾ ᠶᠢ ᠰᠤᠳᠤᠯᠤᠨ ᠨᠡᠶᠢᠲᠡᠯᠡᠵᠦ᠂ ᠡᠵᠡᠩᠨᠡᠯᠲᠡ ᠬᠦᠭᠵᠢᠯᠲᠡ᠂ ᠬᠠᠷᠠᠯᠲᠠ | ᠡᠭᠦᠷᠭᠡ᠂ ᠭᠤᠤᠯᠳᠠᠯᠭ᠎ᠠ ᠲᠠᠢ ᠲᠥᠷᠥᠯ ᠵᠦᠶᠯ᠂ ᠭᠤᠣᠯᠳᠠᠯᠭ᠎ᠠ ᠲᠠᠢ ᠠᠵᠢᠯ᠂ ᠥᠭᠡᠷᠡᠴᠢᠯᠡᠯᠲᠡ ᠶᠢᠨ ᠡᠭᠦᠷᠭᠡ ᠵᠡᠷᠭᠡ | 5 ᠲᠠᠯ᠎ᠠ ᠪᠠᠷ᠂ 30 ᠰᠢᠬᠠᠮ ᠵᠦᠶᠯ ᠤᠨ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠬᠠᠷᠢᠴᠠᠯᠠᠰᠢ | ᠦᠭᠡᠢ ᠠᠮᠤᠷ ᠲᠦᠪᠰᠢᠨ ᠢ ᠪᠠᠲᠤᠯᠠᠬᠤ ᠪᠠᠷ ᠵᠠᠷᠴᠢᠮ ᠪᠣᠯᠭᠠᠬᠤ ᠶᠢ ᠲᠣᠳᠣᠷᠬᠠᠶᠢᠯᠠᠵᠤ᠂ ᠲᠢᠶᠠᠨ ᠵᠢᠶᠤᠤ ᠠᠭᠠᠷ ᠤᠨ | ᠠᠶᠠᠯᠠᠯ ᠢ ᠦᠷᠭᠦᠯᠵᠢᠯᠡᠨ ᠰᠠᠶᠢᠲᠤᠷ ᠪᠦᠲᠦᠭᠡᠨ ᠪᠠᠶᠢᠭᠤᠯᠤᠨ᠂ ᠠᠶᠠᠯᠠᠯ ᠤᠨ ᠱᠤᠭᠤᠮ ᠤᠨ ᠲᠣᠣᠷ ᠢ ᠰᠠᠶᠢᠲᠤᠷ | ᠪᠠᠶᠢᠷᠢᠰᠢᠭᠤᠯᠤᠨ᠂ ᠣᠷᠣᠨ ᠨᠤᠲᠤᠭ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠥᠪᠡᠷᠲᠡᠭᠡᠨ ᠵᠠᠰᠠᠬᠤ ᠣᠷᠣᠨ ᠤ | ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠠᠬᠢ ᠲᠤᠯᠭᠠᠭᠤᠷᠢᠯᠠᠬᠤ ᠦᠶᠯᠡᠳᠦᠯ ᠢ ᠭᠦᠶᠴᠡᠳ | ᠪᠠᠳᠠᠷᠠᠭᠤᠯᠵᠤ᠂ ᠲᠡᠷᠡᠴᠢᠯᠡᠨ ᠭᠤᠷᠪᠠᠨ ᠱᠠᠲᠤ ᠬᠤᠪᠢᠶᠠᠨ ᠨᠢᠰᠬᠡᠯ ᠤᠨ ᠠᠩᠭᠢ ᠶᠢᠨ ᠬᠡᠪᠴᠢᠶ᠎ᠡ ᠶᠢ 100 ᠰᠠᠭᠤᠷᠢ | ᠪᠣᠯᠭᠠᠨ ᠥᠷᠭᠡᠳᠬᠡᠨ᠎ᠡ ᠭᠡᠵᠦ ᠳᠤᠷᠠᠳᠴᠤ᠂ C909᠂ C919᠂ C929 ᠭᠤᠷᠪᠠᠨ ᠮᠠᠰᠢᠨ ᠤ ᠬᠡᠯᠪᠡᠷᠢ ᠶᠢᠨ | ᠡᠵᠡᠩᠨᠡᠯᠲᠡ ᠶᠢᠨ ᠵᠠᠭᠪᠤᠷ ᠢ ᠪᠦᠷᠢᠯᠳᠦᠭᠦᠯᠦᠨ᠂ ᠲᠢᠶᠠᠨ ᠵᠢᠶᠤᠤ ᠠᠭᠠᠷ ᠤᠨ ᠠᠶᠠᠯᠠᠯ ᠤᠨ ᠺᠣᠮᠫᠠᠨᠢ ᠶᠢ ︽ᠤᠮᠠᠷᠠᠲᠤ | ᠬᠢᠯᠢ ᠳᠤ ᠰᠠᠭᠤᠷᠢᠯᠠᠵᠤ᠂ ᠪᠦᠬᠦ ᠤᠯᠤᠰ ᠲᠤ ᠬᠠᠨᠳᠤᠭᠰᠠᠨ᠂ ᠣᠷᠣᠰ ᠮᠣᠩᠭᠤᠯ ᠤᠷᠤᠭᠤ ᠨᠢᠰᠬᠦ᠂ ᠨᠢᠭᠡ ᠪᠦᠰᠡ | ᠨᠢᠭᠡ ᠵᠠᠮ ᠢ ᠨᠥᠯᠥᠭᠡᠯᠡᠭᠰᠡᠨ︾ ᠳᠤᠮᠳᠠ ᠬᠡᠯᠪᠡᠷᠢ ᠶᠢᠨ ᠠᠭᠠᠷ ᠤᠨ ᠠᠶᠠᠯᠠᠯ ᠤᠨ ᠺᠣᠮᠫᠠᠨᠢ ᠪᠣᠯᠭᠠᠨ ᠴᠣᠭᠴᠠᠯᠠᠬᠤ ᠶᠢ | ︽ᠠᠷᠪᠠᠨ ᠲᠠᠪᠤᠳᠤᠭᠠᠷ ᠲᠠᠪᠤᠨ ᠵᠢᠯ︾ ᠤᠨ ᠠᠯᠤᠰ ᠤᠨ ᠲᠥᠯᠥᠪ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ | ︽ᠬᠤᠤᠰ ᠬᠥᠳᠡᠯᠭᠡᠭᠦᠷ ᠬᠤᠶᠠᠷ ᠵᠢᠭᠦᠷ᠂ ᠳᠥᠷᠪᠡ ᠶᠢ ᠨᠢᠭᠡ ᠴᠣᠭᠴᠠᠵᠢᠭᠤᠯᠬᠤ︾ ᠪᠠᠶᠢᠯᠳᠤᠬᠤ ᠪᠣᠳᠣᠯᠭ᠎ᠠ | ᠶᠢᠨ ᠪᠠᠶᠢᠷᠢᠰᠢᠭᠤᠯᠤᠯᠲᠠ ᠶᠣᠰᠣᠭᠠᠷ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ | ᠪᠦᠯᠦᠭᠯᠡᠯ ᠠᠴᠠ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠠᠯᠳᠠᠭᠳᠠᠯ ᠢ ᠬᠤᠪᠢᠷᠠᠭᠤᠯᠤᠨ | ᠦᠷ᠎ᠡ ᠠᠰᠢᠭ ᠢ ᠨᠡᠮᠡᠭᠳᠡᠭᠦᠯᠬᠦ᠂ ᠲᠡᠷᠢᠭᠦᠨ ᠤ ᠬᠢ ᠶᠢ ᠡᠭᠦᠳᠴᠦ ᠲᠡᠷᠢᠭᠦᠨ ᠤ ᠬᠢ ᠪᠣᠯᠬᠤ ᠪᠠᠷ ᠴᠢᠷᠮᠠᠶᠢᠬᠤ︾ | ᠬᠥᠭᠵᠢᠯᠲᠡ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠢᠶᠠᠨ ᠵᠢᠶᠤᠤ ᠠᠭᠠᠷ ᠤᠨ ᠠᠶᠠᠯᠠᠯ ᠭᠡᠬᠦ | ᠡᠨᠡ ᠬᠦ ᠭᠤᠤᠯ ᠬᠠᠷᠢᠭᠤᠴᠠᠯᠭ᠎ᠠ ᠭᠤᠤᠯ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠣᠲᠣ ᠶᠠᠭ | ︽ᠰᠢᠨ᠎ᠡ ᠵᠠᠮ ᠢ ᠨᠡᠭᠡᠭᠡᠵᠦ᠂ ᠳᠤᠮᠳᠠ ᠲᠥᠪᠰᠢᠨ ᠳᠤ ᠣᠷᠣᠬᠤ︾ ᠪᠠ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠪᠡᠶᠡᠯᠡᠭᠦᠯᠬᠦ ᠳᠤ ᠲᠤᠰ ᠭᠠᠵᠠᠷ ᠤᠨ | ᠠᠭᠠᠷ ᠤᠨ ᠠᠶᠠᠯᠠᠯ ᠤᠨ ᠬᠠᠷᠢᠭᠤᠴᠠᠯᠭ᠎ᠠ ᠡᠭᠦᠷᠭᠡᠯᠡᠯ ᠢ ᠦᠵᠡᠭᠦᠯᠬᠦ ᠪᠠᠷ ᠪᠠᠶᠢᠨ᠎ᠠ᠃ |