︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠦᠨ᠎ᠡ — ᠤᠯᠠᠭᠠᠨᠬᠠᠳᠠ ᠬᠤᠲᠠ 1039.2 ᠺᠢᠯᠣᠮᠧᠲᠷ ᠡᠯᠡᠰᠦ ᠶᠢ ᠳᠤᠭᠤᠯᠤᠭᠰᠠᠨ ᠵᠠᠰᠠᠮᠠᠯ ᠵᠠᠮ ᠢ ᠪᠠᠶᠢᠭᠤᠯᠬᠤ ᠪᠠᠷ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2025/5/16
    ᠡᠨᠡ ᠵᠢᠯ᠂ ᠤᠯᠠᠭᠠᠨᠬᠠᠳᠠ ᠬᠤᠲᠠ ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ  ᠶᠢᠨ ᠲᠥᠷᠥᠯ ᠵᠦᠶᠯ ᠢ 1039.2 ᠺᠢᠯᠣᠮᠧᠲᠷ ᠬᠡᠷᠡᠭᠵᠢᠭᠦᠯᠬᠦ ᠪᠠᠷ ᠲᠥᠯᠥᠪᠯᠡᠵᠦ ᠪᠣᠶ᠂ ᠡᠭᠦᠨ ᠳᠤ 220 ᠮᠤᠵᠢ  ᠶᠢᠨ ᠵᠠᠮ ᠤᠨ ᠬᠠᠳᠠᠶᠢᠬᠠᠨ - ᠤᠯᠠᠭᠠᠨᠪᠤᠲᠤᠩ ᠬᠡᠰᠡᠭ ᠲᠠᠬᠢ 121.6 ᠺᠢᠯᠣᠮᠧᠲᠷ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ 917.6 ᠺᠢᠯᠣᠮᠧᠲᠷ ᠪᠠᠭᠲᠠᠨ᠎ᠠ᠂ ᠡᠭᠦᠨ ᠠᠴᠠ ᠭᠠᠳᠠᠨ᠎ᠠ ᠪᠠᠰᠠ ᠠᠷᠠᠴᠢᠯᠠᠨ ᠬᠠᠮᠠᠭᠠᠯᠠᠬᠤ ᠲᠥᠷᠥᠯ ᠵᠦᠶᠯ ᠢ 317 ᠺᠢᠯᠣᠮᠧᠲᠷ ᠬᠡᠷᠡᠭᠵᠢᠭᠦᠯᠬᠦ ᠪᠣᠯᠤᠨ᠎ᠠ᠃
0516-1.jpg
     220 ᠮᠤᠵᠢ ᠶᠢᠨ ᠵᠠᠮ ᠤᠨ ᠬᠠᠳᠠᠶᠢᠬᠠᠨ - ᠤᠯᠠᠭᠠᠨᠪᠤᠳᠤᠩ ᠤᠨ ᠬᠡᠰᠡᠭ ᠨᠢ 4 ᠳ᠋ᠦ᠋ᠭᠡᠷ ᠰᠠᠷ᠎ᠠ ᠶᠢᠨ 10 ᠤ ᠡᠳᠦᠷ ᠠᠵᠢᠯ ᠢᠶᠠᠨ ᠰᠡᠷᠭᠦᠭᠡᠪᠡ᠃     ᠲᠣᠰ ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 8.35 ᠳ᠋ᠦᠩᠰᠢᠭᠤᠷ ᠲᠥᠭᠦᠷᠢᠭ ᠪᠠᠶᠢᠵᠤ᠂ ᠪᠥᠬᠦ ᠣᠷᠳᠣ ᠨᠢ 121.565 ᠺᠢᠯᠣᠮᠧᠲᠷ ᠪᠣᠯᠤᠨ᠎ᠠ᠂ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ 2022 ᠣᠨ ᠳᠤ ᠪᠠᠷᠢᠯᠭ᠎ᠠ ᠡᠬᠢᠯᠡᠭᠦᠯᠦᠨ᠎ᠡ᠃ ᠣᠳᠣᠬᠠᠨ ᠪᠣᠯᠲᠠᠯ᠎ᠠ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠶᠢᠲᠡ 7.6 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠡᠨᠡ ᠵᠢᠯ ᠵᠠᠰᠠᠮᠠᠯ ᠵᠠᠮ ᠤᠨ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ 7620 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃
0516-2.jpg
    ᠡᠨᠡ ᠵᠢᠯ ᠡᠯᠡᠰᠦ ᠶᠢ ᠳᠤᠭᠤᠯᠤᠭᠰᠠᠨ ᠬᠥᠳᠡᠭᠡ ᠲᠣᠰᠬᠤᠨ ᠤ ᠵᠠᠰᠠᠮᠠᠯ ᠵᠠᠮ ᠢ ᠨᠡᠶᠢᠲᠡ 67 ᠵᠤᠷᠪᠤᠰ ᠪᠠᠶᠢᠭᠤᠯᠵᠤ᠂ ᠪᠥᠬᠦ ᠵᠠᠮ ᠤᠨ ᠣᠷᠳᠣ ᠨᠢ 917.6 ᠺᠢᠯᠣᠮᠧᠲᠷ᠂ ᠶᠡᠷᠦᠩᠬᠡᠶ ᠪᠠᠯᠠ ᠣᠷᠣᠭᠤᠯᠤᠯᠲᠠ ᠨᠢ 13 ᠳ᠋ᠦᠩᠰᠢᠭᠤᠷ ᠲᠥᠭᠦᠷᠢᠭ ᠪᠣᠯᠣᠨ᠎ᠠ᠃ ᠣᠳᠣᠬᠠᠨ ᠪᠣᠯᠲᠠᠯ᠎ᠠ᠂ ᠠᠷᠤ ᠬᠤᠷᠴᠢᠨ ᠬᠤᠰᠢᠭᠤᠨ ᠤ 380 ᠺᠢᠯᠣᠮᠧᠲᠷ  ᠤᠨ ᠲᠥᠷᠥᠯ ᠵᠦᠶᠯ ᠤᠨ ᠳᠠᠭᠠᠭᠠᠴᠢᠯᠠᠯᠲᠠ ᠵᠠᠷᠯᠠᠬᠤ ᠶᠢ ᠪᠡᠶᠡᠯᠡᠭᠦᠯᠵᠦ᠂ ᠪᠤᠰᠤᠳ ᠬᠤᠰᠢᠭᠤ ᠰᠢᠶᠠᠨ ᠶᠠᠭ ᠳᠠᠭᠠᠭᠠᠴᠢᠯᠠᠯᠲᠠ ᠵᠠᠷᠯᠠᠵᠤ ᠪᠠᠶᠢᠨ᠎ᠠ᠃ 4 ᠳ᠋ᠦ᠋ᠭᠡᠷ ᠰᠠᠷ᠎ᠠ ᠳᠤ ᠨᠢᠭᠡᠨᠲᠡ 39.5 ᠺᠢᠯᠣᠮᠧᠲᠷ ᠠᠵᠢᠯ ᠢ ᠡᠬᠢᠯᠡᠭᠦᠯᠪᠡ᠃      ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠲᠥᠷᠥᠯ ᠵᠦᠶᠯ 317 ᠺᠢᠯᠣᠮᠧᠲᠷ ᠪᠠᠶᠢᠵᠤ᠂ ᠶᠡᠷᠦᠩᠬᠡᠶ ᠪᠡᠯᠡ ᠣᠷᠣᠭᠤᠯᠣᠯᠲᠠ ᠨᠢ 9761 ᠲᠦᠮᠡᠨ ᠲᠥᠭᠦᠷᠢᠭ ᠪᠣᠯᠣᠨ᠎ᠠ᠃ ᠣᠳᠣᠬᠠᠨ ᠳᠤ ᠬᠤᠯᠪᠣᠭᠳᠠᠯ ᠪᠥᠬᠦᠶ ᠬᠤᠰᠢᠭᠤ ᠰᠢᠶᠠᠨ ᠲᠣᠭᠤᠷᠢᠭ ᠶᠠᠭ ᠡᠳ᠋ ᠤᠨ ᠵᠠᠰᠠᠭ ᠤᠨ ᠬᠢᠨᠠᠨ ᠲᠣᠭᠲᠠᠭᠠᠬᠤ ᠪᠠ ᠳᠠᠭᠠᠭᠠᠴᠢᠯᠠᠯᠲᠠ ᠵᠠᠷᠯᠠᠬᠤ ᠠᠵᠢᠯ ᠢ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠠᠬᠢᠴᠠ ᠯᠤᠭ᠎ᠠ ᠦᠨᠳᠦᠰᠦᠨ ᠳᠤ ᠪᠠᠨ ᠢᠵᠢᠯ ᠠᠯᠬᠤᠮ ᠢᠶᠠᠷ ᠶᠠᠪᠤᠭᠳᠠᠭᠤᠯᠵᠤ ᠪᠠᠶᠢᠨ᠎ᠠ᠃     ᠤᠯᠠᠭᠠᠨᠬᠠᠳᠠ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠤᠨ᠂ ᠨᠠᠷᠢᠨ ᠲᠣᠳᠣᠷᠬᠠᠶ ᠠᠵᠢᠯ ᠤᠨ ᠲᠥᠰᠦᠯ ᠲᠣᠭᠲᠠᠭᠠᠵᠤ᠂ ᠲᠥᠷᠥᠯ ᠵᠦᠶᠯ  ᠤᠨ ᠪᠥᠲᠥᠭᠡᠨ ᠪᠠᠶᠢᠭᠤᠯᠤᠯᠲᠠ ᠶᠢᠨ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠨᠠᠷᠢᠯᠢᠭᠵᠢᠭᠤᠯᠤᠨ᠂ ᠠᠵᠢᠯ ᠤᠨ ᠠᠬᠢᠴᠠ ᠶᠢ ᠮᠥᠷᠳᠡᠵᠦ᠂ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ ᠶᠢᠨ ᠬᠠᠮᠲᠤ ᠰᠢᠶᠳᠪᠦᠷᠢᠯᠡᠪᠡ᠃ ᠡᠭᠦᠨ ᠤ ᠬᠠᠮᠲᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠶ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠯᠦᠭᠡ ᠢᠳᠡᠪᠬᠢᠲᠡᠶ ᠪᠠᠷ ᠨᠡᠪᠲᠡᠷᠡᠯᠴᠡᠨ ᠵᠣᠬᠢᠴᠠᠭᠤᠯᠵᠤ᠂ ᠲᠥᠷᠥᠯ ᠵᠦᠶᠯ ᠢ ᠬᠡᠷᠡᠭᠵᠢᠭᠦᠯᠬᠦ ᠶᠠᠪᠤᠴᠠ ᠳᠠᠬᠢ ᠡᠮᠦᠨᠡᠬᠢ ᠬᠤᠭᠤᠴᠠᠭᠠᠨ ᠤ ᠭᠠᠷᠳᠠᠮ ᠪᠠ ᠪᠠᠯᠠ ᠮᠥᠩᠭᠦ ᠰᠢᠯᠵᠢᠭᠦᠯᠦᠨ ᠥᠭᠬᠦ ᠬᠦᠴᠢᠷ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠡᠢ᠃ ᠤᠮᠠᠷᠠᠲᠤ ᠬᠡᠰᠡᠭ ᠤᠨ ᠬᠤᠰᠢᠭᠤ ᠰᠢᠶᠠᠨ ᠤ ᠪᠠᠷᠢᠯᠭ᠎ᠠ ᠪᠠᠷᠢᠬᠤ ᠬᠤᠭᠤᠴᠠᠭ᠎ᠠ ᠨᠢ ᠨᠡᠯᠢᠶᠡᠳ ᠣᠬᠤᠷ ᠪᠠᠶᠢᠭ᠎ᠠ ᠪᠣᠳᠠᠲᠤ ᠪᠠᠶᠢᠳᠠᠯ  ᠳᠤ ᠴᠢᠭᠯᠡᠭᠦᠯᠦᠨ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠬᠤ᠂ ᠪᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠬᠤ᠂ ᠠᠵᠢᠯᠯᠠᠬᠤ ᠬᠡᠪᠴᠢᠶ᠎ᠡ ᠶᠢ ᠢᠯᠡᠭᠦᠬᠡᠨ ᠨᠡᠭᠡᠭᠡᠬᠦ᠂ ᠠᠵᠢᠯᠯᠠᠬᠤ ᠴᠠᠭ ᠢ ᠤᠷᠲᠤᠳᠬᠠᠬᠤ᠂ ᠠᠵᠢᠯᠲᠠᠨ ᠪᠠ ᠮᠠᠰᠢᠨ ᠤ ᠣᠷᠣᠭᠤᠯᠤᠯᠲᠠ ᠶᠢ ᠨᠡᠮᠡᠭᠳᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠪᠡ᠃ ᠡᠭᠦᠨ ᠠᠴᠠ ᠭᠠᠳᠠᠨ᠎ᠠ᠂ ᠲᠥᠷᠥᠯ ᠵᠦᠶᠯ ᠢ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠯᠠ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠯᠠ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号