︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠦᠨ᠎ᠡ — ᠰᠢᠯᠢ ᠶᠢᠨ ᠭᠤᠤᠯ ᠠᠶᠢᠮᠠᠭ ᠡᠯᠡᠰᠦ ᠶᠢ ᠳᠤᠭᠤᠯᠤᠭᠰᠠᠨ ᠵᠠᠰᠠᠮᠠᠯ ᠵᠠᠮ ᠢ 1845 ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2025/5/19
20250516-2.jpg
   ᠡᠨᠡ ᠵᠢᠯ᠂ ᠰᠢᠯᠢ ᠶᠢᠨ ᠭᠤᠤᠯ ᠠᠶᠢᠮᠠᠭ ︽ᠵᠠᠮ ᠢᠶᠠᠷ ᠡᠯᠡᠰᠦ ᠶᠢ ᠵᠠᠰᠠᠬᠤ︾ ᠶᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠤ ᠴᠢᠬᠤᠯᠠ ᠭᠠᠷᠳᠠᠴᠠ ᠪᠣᠯᠭᠠᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ︽ᠤᠮᠠᠷᠠᠲᠤ ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠲᠠᠢ ᠨᠢᠭᠲᠠ ᠤᠶᠠᠯᠳᠤᠭᠤᠯᠤᠨ᠂ ᠵᠠᠮ ᠤᠨ ᠲᠣᠤᠷ ᠤᠨ ᠪᠠᠶᠢᠷᠢᠰᠢᠭᠤᠯᠤᠯᠲᠠ ᠪᠠ ᠴᠢᠳᠠᠮᠵᠢ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠨᠢᠭᠡ ᠪᠦᠯᠦᠭ ᠨᠡᠯᠢᠶᠡᠳ ᠶᠡᠭᠡ ᠬᠥᠮᠦᠨ ᠠᠮᠠ ᠲᠠᠢ ᠠᠶᠢᠯ ᠲᠣᠰᠬᠤᠨ ᠳᠤ ᠡᠯᠡᠰᠦ ᠶᠢ ᠳᠤᠭᠤᠯᠵᠤ ᠬᠠᠲᠠᠭᠤᠷᠠᠭᠤᠯᠤᠭᠰᠠᠨ ᠵᠠᠮ᠂ ᠡᠯᠡᠰᠦ ᠶᠢ ᠳᠤᠭᠤᠯᠵᠤ ᠲᠣᠤᠷᠵᠢᠭᠤᠯᠤᠭᠰᠠᠨ ᠵᠠᠮ ᠪᠠ ᠡᠯᠡᠰᠦ ᠶᠢ ᠳᠤᠭᠤᠯᠤᠭᠰᠠᠨ ᠠᠵᠤ ᠦᠶᠯᠡᠰ ᠤᠨ ᠵᠠᠮ ᠵᠡᠷᠭᠡ ᠮᠠᠯᠵᠢᠬᠤ ᠲᠠᠷᠢᠶᠠᠯᠠᠬᠤ ᠣᠷᠣᠨ ᠤ ᠡᠯᠡᠰᠦ ᠶᠢ ᠳᠤᠭᠤᠯᠤᠭᠰᠠᠨ ᠵᠠᠰᠠᠮᠠᠯ ᠵᠠᠮ ᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ ᠣᠳᠣᠬᠠᠨ ᠳᠤ᠂ ᠡᠷᠢᠶᠡᠨ ᠬᠤᠲᠠ᠂ ᠰᠢᠯᠢᠩᠬᠤᠲᠠ᠂ ᠠᠪᠠᠭ᠎ᠠ ᠬᠤᠰᠢᠭᠤ ᠵᠡᠷᠭᠡ 9 ᠬᠤᠰᠢᠭᠤ ᠰᠢᠶᠠᠨ ᠳᠤ ︽ᠵᠠᠮ  ᠢᠶᠠᠷ ᠡᠯᠡᠰᠦ ᠶᠢ ᠵᠠᠰᠠᠬᠤ︾ ᠵᠠᠰᠠᠮᠠᠯ ᠵᠠᠮ ᠤᠨ ᠲᠥᠷᠥᠯ ᠵᠦᠶᠯ ᠢ 32 ᠭᠤᠶᠤᠴᠢᠯᠠᠨ ᠮᠡᠳᠡᠭᠦᠯᠵᠦ᠂ 400 ᠭᠠᠷᠤᠶ ᠺᠢᠯᠣᠮᠧᠲᠷ ᠣᠷᠳᠣ ᠵᠠᠰᠠᠮᠠᠯ ᠵᠠᠮ ᠪᠠᠶᠢᠭᠤᠯᠵᠤ᠂ ᠶᠡᠷᠦᠩᠬᠡᠶ ᠪᠡᠯᠡ ᠣᠷᠣᠭᠤᠯᠤᠯᠲᠠ ᠨᠢ 4.8 ᠳ᠋ᠦᠩᠰᠢᠭᠤᠷ ᠲᠥᠭᠦᠷᠢᠭ ᠪᠣᠯᠣᠨ᠎ᠠ᠃ ᠪᠤᠢ ᠪᠦᠬᠦᠢ ᠲᠥᠰᠦᠯ ᠪᠦᠷ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠢᠯ ᠢ ᠪᠡᠶᠡᠯᠡᠭᠦᠯᠪᠡ᠃ ᠡᠷᠢᠶᠡᠨ ᠬᠤᠲᠠ ᠵᠡᠷᠭᠡ 6 ᠬᠤᠰᠢᠭᠤ ᠰᠢᠶᠠᠨ ᠤ 19 ᠲᠥᠷᠥᠯ ᠵᠦᠶᠯ ᠤᠨ ᠳᠠᠭᠠᠭᠠᠴᠢᠯᠠᠯᠲᠠ ᠵᠠᠷᠯᠠᠬᠤ ᠶᠢ ᠪᠡᠶᠡᠯᠡᠭᠦᠯᠵᠦ᠂ ᠪᠠᠷᠢᠯᠭ᠎ᠠ ᠶᠢᠨ ᠨᠢᠭᠡᠴᠢ ᠲᠠᠯᠠᠪᠠᠶ ᠳᠤ ᠣᠷᠣᠵᠤ ᠠᠵᠢᠯ ᠢᠶᠠᠨ ᠡᠬᠢᠯᠡᠭᠦᠯᠪᠡ︔ ᠪᠤᠰᠤᠳ ᠲᠥᠰᠦᠯ ᠨᠢ ᠶᠠᠭ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠥᠷᠨᠢᠭᠦᠯᠵᠦ ᠪᠤᠢ᠃     ᠡᠨᠡ ᠵᠢᠯ ᠤᠨ ᠡᠴᠦᠰ ᠪᠣᠯᠲᠠᠯ᠎ᠠ᠂ ᠰᠢᠯᠢ ᠶᠢᠨ ᠭᠤᠤᠯ ᠠᠶᠢᠮᠠᠭ ︽ᠵᠠᠮ ᠢᠶᠠᠷ ᠡᠯᠡᠰᠦ ᠶᠢ ᠵᠠᠰᠠᠬᠤ︾ ᠵᠠᠰᠠᠮᠠᠯ ᠵᠠᠮ ᠤᠨ ᠲᠥᠷᠥᠯ ᠵᠦᠶᠯ ᠳᠤ ᠲᠦᠰᠢᠭᠯᠡᠨ᠂ ᠮᠠᠯᠵᠢᠬᠤ ᠲᠠᠷᠢᠶᠠᠯᠠᠬᠤ ᠣᠷᠣᠨ ᠳᠤ 600 ᠭᠠᠷᠤᠶ ᠺᠢᠯᠣᠮᠧᠲᠷ ᠤᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ ᠪᠣᠶᠢᠳᠠ ᠪᠥᠭᠯᠡᠭᠦᠦ ᠡᠯᠡᠰᠦᠷᠬᠡᠭ ᠣᠷᠣᠨ ᠤ ᠵᠠᠮ ᠬᠠᠷᠢᠯᠴᠠᠭᠠᠨ ᠤ ᠲᠣᠤᠷ  ᠢ ᠨᠡᠪᠲᠡᠷᠡᠭᠦᠯᠬᠦ ᠪᠠᠷ ᠪᠠᠶᠢᠨ᠎ᠠ᠃ ᠡᠭᠦᠨ ᠤ ᠬᠠᠮᠲᠤ᠂ ᠵᠠᠮ ᠤᠨ ᠲᠣᠤᠷᠵᠢᠭᠤᠯᠤᠯᠲᠠ ᠪᠠᠷ ᠳᠡᠮᠵᠢᠨ ᠡᠯᠡᠰᠦᠷᠬᠡᠭ ᠭᠠᠵᠠᠷ ᠢ ᠰᠠᠯᠭᠠᠵᠤ᠂ ᠡᠯᠡᠰᠦ ᠶᠢ ᠵᠠᠰᠠᠬᠤ ᠵᠠᠭᠪᠤᠷ ᠤᠨ ᠰᠢᠨ᠎ᠡ ᠶᠢ ᠡᠭᠦᠳᠴᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠳᠤ ᠬᠦᠴᠦᠨ ᠨᠡᠮᠡᠷᠢᠯᠡᠬᠦ ᠶᠢᠨ ᠬᠠᠮᠲᠤ ᠲᠤᠬᠠᠶ ᠶᠢᠨ ᠭᠠᠵᠠᠷ ᠤᠨ ᠣᠯᠠᠨ ᠲᠦᠮᠡᠨ ᠢ ᠳᠠᠶᠢᠴᠢᠯᠠᠨ ᠡᠯᠡᠰᠦ ᠶᠢ ᠵᠠᠰᠠᠬᠤ ᠪᠠ ᠠᠷᠠᠴᠢᠯᠠᠨ ᠬᠠᠮᠠᠭᠠᠯᠠᠬᠤ ᠠᠵᠢᠯ ᠳᠤ ᠣᠷᠣᠯᠴᠠᠭᠤᠯᠵᠤ᠂ ᠵᠢᠱᠢᠯᠲᠡ ᠪᠠᠷ 1000 ᠭᠠᠷᠤᠶ ᠠᠵᠢᠯ ᠣᠯᠭᠤᠬᠤ ᠲᠣᠬᠢᠶᠠᠯ ᠨᠡᠮᠡᠭᠳᠡᠭᠦᠯᠵᠦ᠂ ᠣᠯᠠᠨ ᠲᠦᠮᠡᠨ ᠢ ᠬᠠᠪᠰᠤᠷᠤᠨ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠵᠠᠮ ᠬᠠᠷᠢᠯᠴᠠᠭᠠᠨ ᠤ ᠬᠦᠴᠦᠨ ᠨᠡᠮᠡᠷᠢᠯᠡᠨ᠎ᠡ᠃      ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠪᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠣᠷᠤᠨ ᠤ ︿ᠵᠠᠮ ᠢᠶᠠᠷ ᠡᠯᠡᠰᠦ ᠶᠢ ᠵᠠᠰᠠᠬᠤ﹀ ᠬᠥᠭᠵᠢᠯᠲᠡ ᠶᠢᠨ ᠲᠥᠯᠥᠪᠵᠢᠭᠦᠯᠭᠡ ︵2024 - 2030 ᠣᠨ︶︾ ᠳᠤ᠂ ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ᠂ ᠰᠢᠯᠢᠩᠬᠤᠲᠠ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠵᠡᠭᠦᠨ ᠦᠵᠦᠮᠦᠴᠢᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠢᠯᠤᠭᠤᠨ ᠬᠥᠬᠡ ᠬᠤᠰᠢᠭᠤ᠂ ᠳᠣᠯᠣᠨ ᠨᠠᠭᠤᠷ ᠰᠢᠶᠠᠨ ᠵᠡᠷᠭᠡ 10 ᠬᠤᠰᠢᠭᠤ ᠰᠢᠶᠠᠨ ᠬᠤᠲᠠ ᠲᠠᠢ ᠬᠤᠯᠪᠣᠭᠳᠠᠨ᠎ᠠ᠃ 2030 ᠣᠨ ᠪᠣᠯᠬᠤ ᠳᠤ᠂ ᠰᠢᠯᠢ ᠶᠢᠨ ᠭᠤᠤᠯ ᠠᠶᠢᠮᠠᠭ 1845 ᠺᠢᠯᠣᠮᠧᠲᠷ ᠡᠯᠡᠰᠦ ᠶᠢ ᠳᠤᠭᠤᠯᠤᠭᠰᠠᠨ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 409 ᠲᠦᠮᠡᠨ ᠮᠥ ᠡᠯᠡᠰᠦ ᠶᠢ ᠵᠠᠰᠠᠵᠤ᠂ ᠶᠡᠷᠦᠩᠬᠡᠶ ᠪᠠᠯᠠ ᠣᠷᠣᠭᠤᠯᠤᠯᠲᠠ ᠶᠢᠨ ᠬᠡᠪᠴᠢᠶ᠎ᠡ 29.6 ᠳ᠋ᠦᠩᠰᠢᠭᠤᠷ ᠲᠥᠭᠦᠷᠢᠭ ᠲᠤ ᠬᠦᠷᠦᠨ᠎ᠡ᠃     
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号