︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠎ᠠ — ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠵᠠᠪᠳᠤᠵᠤ  ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ︽ᠱᠠᠯᠠᠪᠳᠠᠭᠤᠯᠤᠨ᠎ᠠ︾
ᠨᠡᠶᠢᠲᠡᠯᠡᠭᠰᠡᠨ ᠴᠠᠭ᠄
2025/5/20
    ᠵᠤᠨ ᠤ ᠡᠬᠢ ᠪᠠᠷ ᠡᠪᠡᠰᠦ ᠮᠣᠳᠣ ᠬᠥᠬᠡᠷᠡᠵᠦ᠂ ᠪᠠᠷᠢᠯᠭ᠎ᠠ ᠶᠢᠨ ᠭᠠᠵᠠᠷ ᠳᠤ ᠤᠬᠤᠭᠤᠷ ᠮᠠᠰᠢᠨ᠂ ᠡᠷᠭᠦᠭᠦᠷ ᠲᠡᠷᠭᠡ ᠵᠡᠷᠭᠡ ᠲᠤᠮᠤ ᠬᠡᠯᠪᠡᠷᠢ ᠶᠢᠨ ᠲᠥᠬᠦᠭᠡᠷᠦᠮᠵᠢ ᠡᠮᠬᠢ ᠵᠢᠷᠤᠮ ᠲᠠᠢ ᠠᠵᠢᠯᠯᠠᠨ᠂ ᠬᠦᠷᠴᠢᠭᠢᠨᠡᠨ ᠳᠤᠤᠭᠠᠷᠴᠤ᠂ ᠠᠵᠢᠯᠴᠢᠳ ᠠᠵᠢᠯ ᠤᠨ ᠬᠤᠪᠴᠠᠰᠤ ᠪᠠᠨ ᠡᠮᠦᠰᠴᠦ᠂ ᠬᠠᠮᠠᠭᠠᠯᠠᠯᠲᠠ ᠶᠢᠨ ᠮᠠᠯᠠᠭᠠᠢ ᠪᠠᠨ ᠵᠡᠭᠦᠵᠦ᠂ ᠥᠪᠡᠷ ᠥᠪᠡᠷ  ᠤᠨ ᠠᠵᠢᠯ ᠤᠨ ᠪᠠᠶᠢᠷᠢ ᠳᠡᠭᠡᠷ᠎ᠡ ᠪᠠᠨ ᠶᠠᠭᠠᠷᠠᠯᠲᠠᠢ ᠠᠵᠢᠯᠯᠠᠵᠤ ᠪᠠᠶᠢᠯ᠎ᠠ᠃ ᠥᠪᠥᠷ ᠮᠣᠩᠭᠤᠯ ᠤᠨ ᠡᠯ᠎ᠡ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠲᠥᠷᠥᠯ ᠵᠦᠶᠯ ᠨᠢ ᠣᠳᠣᠬᠠᠨ ᠤ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠵᠠᠪᠳᠤᠵᠤ᠂ ᠪᠥᠲᠥᠭᠡᠨ ᠪᠠᠶᠢᠭᠤᠯᠤᠯᠲᠠ ᠶᠢᠨ ︽ᠲᠦᠷᠭᠡᠨ ᠤᠷᠤᠭᠰᠢᠯᠠᠬᠤ ᠳᠠᠷᠤᠪᠴᠢ︾ ᠶᠢ ᠳᠠᠷᠤᠵᠤ᠂ ᠪᠥᠲᠥᠭᠡᠨ ᠪᠠᠶᠢᠭᠤᠯᠤᠯᠲᠠ ᠶᠢᠨ ︽ᠬᠤᠷᠳᠤᠴᠠ︾ ᠶᠢ ᠲᠦᠷᠭᠡᠳᠬᠡᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃
0520.jpg
    S26  ᠨᠠᠷᠠᠰᠤᠨ ᠠᠴᠠ ᠯᠦᠩᠺᠸᠦ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠨᠠᠷᠠᠰᠤᠨ ᠠᠴᠠ          ᠢᠦᠢ ᠯᠢᠨ ᠬᠦᠷᠬᠦ ᠱᠤᠭᠤᠮ ᠤᠨ ᠰᠠᠯᠭᠠᠬᠤ ᠮᠠᠶ᠋ᠢᠭ ᠤᠨ ᠵᠦᠷᠢᠯᠢᠭ ᠬᠥᠭᠦᠷᠭᠡ ᠶᠢᠨ ᠲᠦᠷᠦᠭᠦᠦ ᠬᠡᠰᠡᠭ 35 ᠮᠧᠲᠷ  ᠤᠨ ᠤᠷᠢᠳᠴᠢᠯᠠᠨ ᠦᠶᠯᠡᠳᠦᠭᠰᠡᠨ ᠠᠪᠳᠠᠷᠯᠢᠭ ᠨᠢᠷᠦᠭᠤ ᠶᠢ ᠤᠷᠤᠭᠰᠢᠲᠠᠶ ᠤᠭᠰᠠᠷᠠᠵᠤ ᠪᠠᠷᠠᠪᠠ    5 ᠳ᠋ᠤᠭᠠᠷ ᠰᠠᠷ᠎ᠠ ᠶᠢᠨ 15 ᠤ ᠡᠳᠦᠷ᠂ S26 ᠨᠠᠷᠠᠰᠤᠨ ᠠᠴᠠ ᠴᠠᠩ ᠲᠠᠨ ︵ᠯᠦᠩᠺᠸᠦ︶ ᠬᠥᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠨᠠᠷᠠᠰᠤᠨ ᠠᠴᠠ ᠢᠦᠢ ᠯᠢᠨ ᠬᠦᠷᠬᠦ ᠱᠤᠭᠤᠮ ᠤᠨ ᠰᠠᠯᠭᠠᠬᠤ ᠮᠠᠶ᠋ᠢᠭ ᠤᠨ ᠵᠦᠷᠢᠯᠢᠭ ᠬᠥᠭᠦᠷᠭᠡ ᠶᠢᠨ ᠲᠦᠷᠦᠭᠦᠦ ᠬᠡᠰᠡᠭ 35 ᠮᠧᠲᠷ ᠤᠨ ᠤᠷᠢᠳᠴᠢᠯᠠᠨ ᠦᠶᠯᠡᠳᠦᠭᠰᠡᠨ ᠠᠪᠳᠠᠷᠯᠢᠭ ᠨᠢᠷᠦᠭᠤ ᠶᠢ ᠤᠷᠤᠭᠰᠢᠲᠠᠶ ᠤᠭᠰᠠᠷᠠᠪᠠ᠃ ᠲᠣᠰ ᠲᠥᠷᠥᠯ ᠵᠦᠶᠯ ᠪᠣᠯ ᠥᠪᠥᠷ ᠮᠣᠩᠭᠤᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠭᠤᠤᠯᠳᠠᠯᠭ᠎ᠠ ᠲᠠᠢ ᠵᠠᠮ ᠬᠠᠷᠢᠯᠴᠠᠭᠠᠨ ᠤ ᠪᠠᠷᠢᠯᠭ᠎ᠠ ᠪᠣᠯᠤᠨ᠎ᠠ᠂ ᠭᠤᠤᠯ ᠱᠤᠭᠤᠮ ᠤᠨ ᠪᠥᠬᠦ ᠣᠷᠳᠣ ᠨᠢ 54.685 ᠺᠢᠯᠣᠮᠧᠲᠷ ᠪᠠᠶᠢᠵᠤ᠂ 1 ᠣᠨᠴᠠ ᠶᠡᠭᠡ ᠬᠥᠭᠦᠷᠭᠡ᠂ 28 ᠶᠡᠭᠡ ᠳᠤᠮᠳᠠ ᠬᠥᠭᠦᠷᠭᠡ ᠲᠦᠯᠦᠪᠯᠡᠵᠦ᠂ ᠬᠤᠤᠰ ᠴᠢᠭᠯᠡᠯᠲᠦ ᠳᠥᠷᠪᠡᠨ ᠲᠡᠷᠭᠡᠨ ᠵᠠᠮ ᠤᠨ ᠳᠡᠭᠡᠳᠤ ᠬᠤᠷᠳᠤ ᠶᠢᠨ ᠵᠠᠰᠠᠮᠠᠯ ᠵᠠᠮ ᠤᠨ ᠪᠠᠷᠢᠮᠵᠢᠶ᠎ᠠ ᠶᠢ ᠬᠡᠷᠡᠭᠯᠡᠵᠦ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠣᠷᠣᠨ ᠪᠦᠰᠡ ᠶᠢᠨ ᠵᠠᠮ ᠤᠨ ᠲᠣᠤᠷ ᠢ ᠵᠣᠯᠭᠠᠭᠤᠯᠬᠤ ᠶᠢ ᠴᠢᠩᠭᠠᠳᠬᠠᠵᠤ᠂ ᠵᠠᠮ ᠳᠠᠭᠠᠤ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃
0520-1.jpg
     ᠵᠠᠮ ᠤᠨ ᠭᠠᠳᠠᠷᠭᠤ ᠶᠢ ᠳᠡᠪᠢᠰᠬᠦ ᠪᠠᠷᠢᠯᠭ᠎ᠠ ᠶᠢᠨ ᠲᠤᠬᠠᠢ ᠶᠢᠨ ᠲᠠᠯᠠᠪᠠᠢ    G1015 ᠰᠦᠢ ᠹᠧᠨ ᠾᠧ ᠠᠴᠠ ᠮᠠᠨᠵᠤᠤᠷ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠲᠢᠶᠧ ᠯᠢ ᠠᠴᠠ ᠬᠤᠷᠴᠢᠨ ᠪᠠᠷᠠᠭᠤᠨ ᠭᠠᠷᠤᠨ ᠳᠣᠮᠳᠠᠳᠣ ᠬᠤᠰᠢᠭᠤ ᠬᠦᠷᠬᠦ ᠬᠤᠯᠪᠣᠭᠠᠨ ᠤ ᠱᠤᠭᠤᠮ ᠤᠨ ᠰᠢᠨ ᠹᠠ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠬᠦ ᠬᠡᠰᠡᠭ ᠤᠨ 2 ᠳᠠᠭᠠᠭᠠᠴᠢᠯᠠᠯᠲᠠ ᠶᠢᠨ ᠬᠡᠰᠡᠭ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠮᠠᠰᠢᠨ ᠬᠥᠳᠡᠯᠭᠡᠬᠦ ᠬᠦᠩᠭᠢᠨᠡᠮ᠎ᠡ ᠲᠠᠭᠤᠨ ᠤ ᠳᠤᠮᠳᠠ᠂ ᠠᠵᠢᠯᠴᠢᠳ ᠳᠡᠪᠢᠰᠬᠦ ᠮᠠᠰᠢᠨ ᠢᠶᠠᠨ ᠵᠢᠯᠣᠭᠤᠳᠤᠨ ᠲᠤᠬᠠᠢ ᠶᠢᠨ ᠲᠠᠯᠠᠪᠠᠢ ᠳᠤ ᠨᠠᠭᠠᠰᠢ ᠴᠠᠭᠠᠰᠢ ᠰᠦᠯᠵᠢᠯᠳᠦᠵᠦ᠂ ᠪᠠᠷᠤᠭᠰᠢᠨ ᠬᠤᠯᠢᠮᠠᠭ ᠮᠠᠲ᠋ᠧᠷᠢᠶᠠᠯ ᠢ ᠵᠠᠮ ᠤᠨ ᠭᠠᠳᠠᠷᠭᠤ ᠳᠡᠭᠡᠷ᠎ᠡ ᠵᠢᠭᠳᠡ ᠪᠠᠷ ᠰᠠᠴᠤᠵᠤ᠂ ᠵᠠᠮ ᠳᠠᠷᠤᠬᠤ ᠮᠠᠰᠢᠨ ᠢᠶᠠᠷ ᠴᠢᠩᠭ᠎ᠠ ᠳᠠᠷᠤᠰᠢᠭᠤᠯᠵᠤ᠂ ᠡᠮᠬᠢ ᠵᠢᠷᠤᠮ ᠲᠠᠢ ᠠᠶᠢᠵᠠᠮ ᠢᠶᠠᠷ ᠲᠠᠬᠢᠨ ᠳᠠᠪᠲᠠᠨ ᠳᠠᠷᠤᠵᠤ᠂ ᠵᠠᠮ ᠤᠨ ᠭᠠᠳᠠᠷᠭᠤ ᠶᠢ ᠲᠡᠭᠰᠢᠯᠡᠨ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠨ᠎ᠠ᠃ ᠤᠢᠢᠷ᠎ᠠ ᠶᠢᠨ ᠡᠳᠦᠷ᠂ ᠲᠦᠷᠦᠯ ᠵᠦᠢᠯ ᠤᠨ ᠪᠠᠷᠢᠯᠭ᠎ᠠ  ᠶᠢᠨ ᠲᠠᠯ᠎ᠠ ᠶᠢᠨ ᠬᠢᠨ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠵᠤ᠂ ᠠᠬᠢᠴᠠ ᠶᠢ ᠠᠳᠬᠤᠵᠤ᠂ ᠡᠨᠡ ᠵᠢᠯ ᠤᠨ 6  ᠳ᠋ᠤᠭᠠᠷ ᠰᠠᠷ᠎ᠠ ᠶᠢᠨ 30 ᠤ ᠡᠳᠦᠷ ᠠᠵᠢᠯ ᠢᠶᠠᠨ ᠲᠤᠰᠢᠶᠠᠵᠤ ᠰᠢᠯᠭᠠᠨ ᠠᠪᠬᠤ ᠨᠥᠬᠦᠴᠡᠯ ᠢ ᠪᠦᠷᠢᠯᠳᠦᠭᠦᠯᠬᠦ ᠳᠤ ᠡᠴᠦᠰ ᠤᠨ ᠰᠢᠪᠲᠤᠯᠤᠯᠲᠠ ᠬᠢᠨ᠎ᠡ᠃
0520-2.jpg
    G1816 ᠦᠬᠠᠢ ᠠᠴᠠ ᠱᠢ ᠽᠦᠶ ᠱᠠᠨ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠬᠦᠦᠷᠯᠢᠭ ᠵᠠᠮ ᠢ ᠳᠡᠪᠢᠰᠦᠨ᠎ᠡ    5 ᠳ᠋ᠤᠭᠠᠷ ᠰᠠᠷ᠎ᠠ ᠶᠢᠨ 12 ᠤᠨ ᠡᠳᠦᠷ ᠪᠣᠯᠲᠠᠯ᠎ᠠ᠂ G1816 ᠦᠬᠠᠢ ᠠᠴᠠ ᠱᠢ ᠽᠦᠶ ᠱᠠᠨ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠶᠯ ᠤᠨ 10 ᠠᠯᠭᠠᠰᠠᠯ ᠤᠨ 117 ᠮᠧᠲᠷ ᠤᠨ ᠭᠤᠤᠯ ᠬᠦᠦᠷᠯᠢᠭ ᠵᠠᠮ ᠢ ᠪᠠᠶᠢᠭᠤᠯᠵᠤ ᠳᠠᠭᠤᠰᠬᠠᠨ᠂ ᠭᠤᠤᠯ ᠬᠥᠭᠦᠷᠭᠡ ᠶᠢᠨ ᠪᠠᠷᠢᠯᠭ᠎ᠠ ᠪᠠᠷᠢᠬᠤ ᠳᠤ ᠬᠡᠷᠡᠭᠰᠡᠬᠦ ᠬᠥᠮᠦᠰ᠂ ᠡᠳ᠋ ᠪᠣᠳᠠᠰ ᠲᠥᠬᠦᠭᠡᠷᠦᠮᠵᠢ ᠵᠡᠷᠭᠡ ᠳᠤ ᠲᠥᠬᠦᠮ ᠦᠵᠡᠭᠦᠯᠬᠦ ᠨᠡᠪᠲᠡᠷᠡᠯ ᠵᠠᠮ ᠬᠠᠩᠭᠠᠪᠠ᠃ 4 ᠳ᠋ᠦ᠋ᠭᠡᠷ ᠰᠠᠷ᠎ᠠ ᠶᠢᠨ 30 ᠤ ᠡᠳᠦᠷ ᠪᠠᠶᠠᠨᠲᠣᠬᠤᠶ ᠶᠢᠨ ᠬᠠᠲᠤᠨ ᠭᠤᠤᠯ ᠤᠨ ᠣᠨᠴᠠ ᠶᠡᠭᠡ ᠬᠥᠭᠦᠷᠭᠡ ᠶᠢᠨ ᠪᠣᠯᠣᠳ ᠬᠦᠦᠷᠯᠢᠭ ᠵᠠᠮ ᠤᠨ ᠪᠠᠷᠢᠯᠭ᠎ᠠ ᠶᠢ ᠵᠢᠩᠬᠢᠨᠢ ᠪᠠᠷ ᠡᠬᠢᠯᠡᠭᠦᠯᠦᠭᠰᠡᠨ ᠠᠴᠠ ᠨᠠᠭᠠᠰᠢ᠂ G1816 ᠦᠬᠠᠢ ᠠᠴᠠ ᠱᠢ ᠽᠦᠶ ᠱᠠᠨ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠶᠯ ᠤᠨ ᠬᠡᠯᠲᠡᠰ ᠠᠴᠠ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠪᠠᠷ ᠳᠡᠮᠵᠢᠨ᠂ ᠪᠠᠷᠢᠯᠭ᠎ᠠ ᠶᠢᠨ ᠮᠠᠰᠢᠨ ᠲᠥᠬᠦᠭᠡᠷᠦᠮᠵᠢ ᠪᠣᠯᠤᠨ ᠡᠳ᠋ ᠪᠣᠳᠠᠰ ᠮᠠᠲ᠋ᠧᠷᠢᠶᠠᠯ ᠢ ᠰᠢᠰᠲ᠋ᠧᠮ ᠲᠠᠢ ᠪᠡᠯᠡᠳᠬᠡᠵᠦ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠶᠠᠰᠤ ᠴᠢᠨᠠᠷ ᠢ ᠬᠠᠮᠢᠶᠠᠷᠤᠨ ᠡᠵᠡᠮᠳᠡᠬᠦ ᠪᠠᠷᠢᠮᠵᠢᠶ᠎ᠠ  ᠶᠢ ᠨᠠᠷᠢᠯᠢᠭᠵᠢᠭᠤᠯᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠢᠷᠤᠮᠵᠢᠭᠤᠨ ᠪᠥᠭᠡᠳ ᠡᠮᠬᠢ ᠵᠢᠷᠤᠮ ᠲᠠᠢ ᠠᠭᠢᠬᠤ ᠶᠢ ᠪᠥᠬᠦ ᠬᠦᠴᠦᠨ ᠢᠶᠠᠷ ᠪᠠᠲᠤᠯᠠᠪᠠ᠃  ︵ᠬᠥ᠋ ᠰᠢᠶᠤᠤ ᠶᠦᠨ ᠰᠡᠭᠦᠳᠡᠷᠯᠡᠪᠡ︶
0520-3.jpg
    331 ᠤᠯᠤᠰ ᠤᠨ ᠵᠠᠮ ᠤᠨ ᠬᠦᠷᠢᠶᠡᠲᠦ ᠠᠴᠠ ᠵᠠᠯᠠᠶᠢᠨᠠᠭᠤᠷ ᠬᠦᠷᠬᠦ ᠵᠠᠮ ᠤᠨ ᠰᠠᠭᠤᠷᠢ ᠶᠢᠨ ᠪᠠᠷᠢᠯᠭ᠎ᠠ    ᠬᠥᠯᠥᠨ ᠪᠣᠶᠢᠷ ᠬᠤᠲᠠ ᠶᠢᠨ 331 ᠤᠯᠤᠰ ᠤᠨ ᠵᠠᠮ ᠤᠨ ᠬᠦᠷᠢᠶᠡᠲᠦ ᠠᠴᠠ ᠵᠠᠯᠠᠶᠢᠨᠠᠭᠤᠷ ᠬᠥᠷᠬᠦ ᠬᠡᠰᠡᠭ ᠤᠨ ᠵᠠᠰᠠᠮᠠᠯ ᠵᠠᠮ ᠢ ᠥᠭᠡᠷᠡᠴᠢᠯᠡᠨ ᠵᠠᠰᠠᠬᠤ ᠲᠥᠷᠥᠯ ᠵᠦᠶᠯ ᠢ 5 ᠳ᠋ᠤᠭᠠᠷ ᠰᠠᠷ᠎ᠠ ᠶᠢᠨ 7 ᠤ ᠡᠳᠦᠷ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠵᠤ᠂ ᠶᠡᠷᠦᠩᠬᠡᠶ ᠣᠷᠳᠣ ᠨᠢ 61.5 ᠺᠢᠯᠣᠮᠧᠲᠷ᠂ ᠲᠥᠰᠦᠪ ᠤᠨ ᠪᠠᠯᠠ ᠣᠷᠣᠭᠤᠯᠤᠯᠲᠠ ᠨᠢ 1.12 ᠳ᠋ᠦᠩᠰᠢᠭᠤᠷ ᠲᠥᠭᠦᠷᠢᠭ ᠪᠠᠶᠢᠵᠤ᠂ ᠲᠣᠰ ᠲᠥᠷᠥᠯ ᠵᠦᠶᠯ ᠨᠢ ᠳᠤᠮᠳᠠᠳᠤ ᠣᠷᠣᠰ ᠤᠨ ᠬᠢᠯᠢ ᠶᠢ ᠬᠤᠯᠪᠣᠵᠤ᠂ ᠬᠥᠯᠥᠨ ᠪᠣᠶᠢᠷ ᠬᠤᠲᠠ ᠶᠢᠨ ᠴᠢᠬᠤᠯᠠ ᠰᠢᠵᠢᠷ ᠠᠯᠲᠠᠨ ᠵᠢᠭᠤᠯᠴᠢᠯᠠᠯ ᠤᠨ ᠱᠤᠭᠤᠮ ᠪᠠ      ︽ᠬᠠᠮᠤᠭ ᠤᠨ ᠭᠤᠶᠣ 331 ᠱᠤᠭᠤᠮ︾ ᠤᠨ ᠬᠢᠯᠢ ᠶᠢᠨ ᠵᠠᠰᠠᠮᠠᠯ ᠵᠠᠮ ᠤᠨ ᠵᠠᠩᠭᠢᠯᠠᠭ᠎ᠠ ᠶᠢᠨ ᠬᠡᠰᠡᠭ ᠪᠣᠯᠤᠨ᠎ᠠ᠃ ᠲᠥᠷᠥᠯ ᠵᠦᠶᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠾᠸᠢ ᠱᠠᠨ ᠳᠧᠦ᠂ ᠬᠦᠷᠢᠶᠡᠲᠦ ᠵᠡᠷᠭᠡ ᠣᠯᠠᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠬᠤᠯᠪᠣᠵᠤ᠂ ︽ᠬᠢᠯᠢ ᠶᠢᠨ ᠵᠢᠭᠤᠯᠴᠢᠯᠠᠯ ᠤᠨ ᠬᠤᠩᠭᠢᠯ ᠵᠠᠮ︾ ᠢ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠬᠠᠮᠲᠤ ᠵᠠᠮ ᠳᠠᠭᠠᠤ ᠶᠢᠨ ᠮᠠᠯᠴᠢᠳ ᠤᠨ ᠶᠠᠪᠤᠵᠤ ᠰᠠᠭᠤᠬᠤ᠂ ᠡᠳ᠋ ᠪᠠᠷᠠᠭ᠎ᠠ ᠲᠡᠭᠡᠭᠡᠪᠦᠷᠢᠯᠡᠬᠦ ᠳᠤ ᠨᠠᠩ ᠠᠮᠤᠷ ᠲᠦᠪᠰᠢᠨ ᠳᠥᠭᠦᠮ ᠳᠥᠲᠡ ᠵᠠᠮ ᠬᠠᠷᠢᠯᠴᠠᠭᠠᠨ ᠤ ᠪᠠᠲᠤᠯᠠᠭ᠎ᠠ ᠬᠠᠩᠭᠠᠬᠤ ᠪᠣᠯᠣᠨ᠎ᠠ᠃
0520-4.jpg
    ᠠᠯᠠᠱᠠ ᠠᠭᠤᠯᠠ ᠶᠢᠨ ᠨᠦᠬᠡᠨ ᠵᠠᠮ ᠤᠨ ᠪᠦᠲᠦᠭᠡᠨ ᠪᠠᠶᠢᠭᠤᠯᠤᠭᠴᠢᠳ ᠲᠤᠰ ᠡᠳᠦᠷ ᠤᠨ ᠬᠢᠨᠠᠨ ᠡᠵᠡᠮᠳᠡᠬᠦ ᠬᠡᠮᠵᠢᠯᠲᠡ ᠶᠢᠨ ᠲᠤᠭ᠎ᠠ ᠪᠠᠷᠢᠮᠲᠠ ᠶᠢ ᠲᠠᠭᠯᠠᠵᠤ ᠪᠠᠶᠢᠨ᠎ᠠ   ᠪᠤᠭᠤᠲᠤ ᠠᠴᠠ ᠢᠷᠭᠠᠢ ᠬᠦᠷᠬᠦ ᠳᠡᠭᠡᠳᠤ ᠬᠤᠷᠳᠤ ᠶᠢᠨ ᠲᠡᠮᠦᠷ ᠵᠠᠮ ᠤᠨ ᠢᠷᠭᠠᠢ ᠠᠴᠠ ᠪᠠᠶᠠᠨᠬᠤᠲᠠ ᠬᠦᠷᠬᠦ ᠰᠠᠯᠪᠤᠷᠢ ᠱᠤᠭᠤᠮ ᠤᠨ ᠠᠯᠠᠱᠠ ᠠᠭᠤᠯᠠ ᠶᠢᠨ ᠨᠦᠬᠡᠨ ᠵᠠᠮ ᠵᠢᠴᠢ ᠪᠠᠶᠠᠨᠬᠤᠲᠠ ᠥᠷᠲᠡᠭᠡ᠂ ᠪᠠᠷᠠᠭᠤᠨ ᠪᠡᠯ ᠥᠷᠲᠡᠭᠡ ᠤᠨ ᠦᠷᠲᠡᠭᠡᠨ ᠭᠡᠷ ᠵᠡᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠳᠤ᠂ ᠶᠠᠭᠠᠷᠠᠯᠲᠠᠶ ᠠᠵᠢᠯᠯᠠᠵᠤ ᠪᠠᠶᠢᠭ᠎ᠠ ᠦᠵᠡᠭᠳᠡᠯ ᠯᠠ ᠬᠠᠷᠠᠭᠳᠠᠨ᠎ᠠ᠃ ᠣᠲᠣ ᠪᠣᠯᠲᠠᠯ᠎ᠠ᠂ ᠠᠯᠠᠱᠠ ᠠᠭᠤᠯᠠ ᠶᠢᠨ ᠨᠦᠬᠡᠨ ᠵᠠᠮ ᠤᠨ ᠲᠥᠪ ᠠᠭᠤᠶ ᠶᠢ ᠨᠡᠶᠢᠲᠡ 7193.2 ᠮᠧᠲᠷ ᠮᠠᠯᠲᠠᠵᠤ᠂ ᠵᠢᠷᠤᠵᠤ ᠲᠥᠯᠥᠪᠯᠡᠬᠦ ᠡᠭᠦᠷᠭᠡ ᠶᠢᠨ ᠢᠶᠠᠨ 95% ᠶᠢ ᠨᠢᠭᠡᠨᠲᠡ ᠪᠡᠶᠡᠯᠡᠭᠦᠯᠵᠡᠶ᠃ ᠪᠠᠶᠠᠨᠬᠤᠲᠠ ᠥᠷᠲᠡᠭᠡ ᠪᠣᠯᠤᠨ ᠪᠠᠷᠠᠭᠤᠨ ᠪᠡᠯ ᠥᠷᠲᠡᠭᠡ ᠶᠢᠨ ᠭᠤᠤᠯ ᠴᠣᠭᠴᠠ ᠶᠢᠨ ᠪᠣᠷᠣ ᠲᠥᠯᠥᠪ ᠨᠢᠭᠡᠨᠲᠡ ᠪᠦᠷᠢᠯᠳᠦᠵᠦ᠂ ᠥᠷᠲᠡᠭᠡ ᠶᠢᠨ ᠡᠮᠦᠨᠡᠬᠢ ᠥᠷᠲᠡᠭᠡᠨ ᠤ ᠲᠠᠶᠢᠰᠠ ᠶᠢᠨ ᠪᠣᠷᠣᠭᠠᠨ ᠤ ᠰᠠᠷᠠᠪᠴᠢ ᠶᠢᠨ ᠰᠠᠭᠤᠷᠢ ᠪᠠᠷᠢᠯᠭ᠎ᠠ ᠶᠢ ᠪᠦᠬᠦᠨ ᠢ ᠳᠠᠭᠤᠰᠬᠠᠪᠠ᠃
0520-5.jpg
   ᠪᠤᠭᠤᠲᠤ ᠠᠴᠠ ᠢᠷᠭᠠᠢ ᠬᠦᠷᠬᠦ ᠳᠡᠭᠡᠳᠤ ᠬᠤᠷᠳᠤ ᠶᠢᠨ ᠲᠡᠮᠦᠷ ᠵᠠᠮ ᠤᠨ ᠦᠬᠠᠶ ᠥᠷᠲᠡᠭᠡ ᠶᠢᠨ 1 ᠠᠴᠠ 7 ᠱᠤᠭᠤᠮ ᠳᠤ ᠲᠡᠮᠦᠷ ᠵᠠᠮ ᠳᠡᠪᠢᠰᠴᠦ ᠳᠠᠭᠤᠰᠬᠠᠪᠠ     ᠦᠬᠠᠶ ᠥᠷᠲᠡᠭᠡ ᠪᠣᠯ ᠪᠤᠭᠤᠲᠤ ᠠᠴᠠ ᠢᠷᠭᠠᠢ ᠬᠦᠷᠬᠦ ᠳᠡᠭᠡᠳᠤ ᠬᠤᠷᠳᠤ ᠶᠢᠨ ᠲᠡᠮᠦᠷ ᠵᠠᠮ ᠤᠨ ᠪᠥᠬᠦ ᠱᠤᠭᠤᠮ  ᠤᠨ ᠬᠠᠮᠤᠭ ᠤᠨ ᠶᠡᠭᠡ ᠰᠢᠨ᠎ᠡ ᠪᠠᠷ ᠪᠠᠶᠢᠭᠤᠯᠤᠭᠰᠠᠨ ᠥᠷᠲᠡᠭᠡ ᠪᠠᠶᠢᠵᠤ᠂ ᠥᠷᠲᠡᠭᠡ ᠲᠠᠯᠠᠪᠤᠷ ᠤᠨ ᠵᠢᠷᠤᠵᠤ ᠲᠥᠯᠥᠪᠯᠡᠭᠰᠡᠨ ᠬᠡᠪᠴᠢᠶ᠎ᠡ ᠨᠢ 4 ᠥᠷᠲᠡᠭᠡ ᠶᠡᠨᠳᠡᠷ 11 ᠱᠤᠭᠤᠮ ᠪᠣᠯᠤᠨ᠎ᠠ᠂ ᠡᠭᠦᠨ ᠳᠤ 1 ᠠᠴᠠ 7 ᠱᠤᠭᠤᠮ ᠨᠢ ᠪᠤᠭᠤᠲᠤ ᠠᠴᠠ ᠢᠷᠭᠠᠢ ᠬᠦᠷᠬᠦ ᠳᠡᠭᠡᠳᠤ ᠬᠤᠷᠳᠤ ᠶᠢᠨ ᠲᠡᠮᠦᠷ ᠵᠠᠮ ᠪᠠᠶᠢᠵᠤ᠂ 5 ᠳ᠋ᠤᠭᠠᠷ ᠰᠠᠷ᠎ᠠ ᠶᠢᠨ 7 ᠤ ᠡᠳᠦᠷ ᠲᠡᠮᠦᠷ ᠵᠠᠮ ᠳᠡᠪᠢᠰᠬᠦ ᠠᠵᠢᠯ ᠢ ᠳᠠᠭᠤᠰᠬᠠᠵᠠᠶ᠃ ︵ᠬᠤᠸᠠᠩ ᠵᠢᠶᠠᠨ ᠹᠸᠢ ᠰᠡᠭᠦᠳᠡᠷᠯᠡᠪᠡ︶
0520-6.jpg
    ᠠᠯᠠᠱᠠ ᠵᠡᠭᠦᠨ ᠬᠤᠰᠢᠭᠤᠨ ᠤ ᠠᠵᠢᠯ ᠳᠤ ᠭᠠᠷᠬᠤ ᠨᠢᠰᠬᠡᠯ ᠤᠨ ᠪᠠᠭᠤᠳᠠᠯ ᠤᠨ ᠳᠡᠰ ᠳᠡᠪᠰᠢᠭᠦᠯᠦᠭᠰᠡᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠣᠷᠣᠬᠤ ᠳᠤ᠂ ᠡᠯ᠎ᠡ ᠲᠦᠷᠦᠯ ᠤᠨ ᠪᠠᠷᠢᠯᠭ᠎ᠠ ᠶᠢᠨ ᠮᠠᠰᠢᠨ ᠮᠧᠬᠠᠨᠢᠭ ᠬᠦᠷᠴᠢᠭᠢᠨᠡᠨ ᠳᠤᠤᠭᠠᠷᠴᠤ᠂ ᠶᠠᠭᠠᠷᠠᠯᠳᠠᠢ ᠠᠵᠢᠯᠯᠠᠨ᠎ᠠ᠃ ᠠᠵᠢᠯ ᠢᠶᠠᠨ ᠡᠬᠢᠯᠡᠭᠦᠯᠦᠭᠰᠡᠨ ᠠᠴᠠ ᠨᠠᠭᠠᠰᠢ᠂ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ  ᠶᠢᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠬᠤᠰᠢᠭᠤᠴᠢᠯᠠᠨ ᠦᠶᠯᠡᠴᠢᠯᠡᠵᠦ᠂ ᠲᠤᠰᠬᠠᠶ ᠬᠥᠮᠦᠨ ᠢᠶᠠᠷ ᠬᠠᠷᠠᠭᠤᠯᠵᠤ᠂ ︽ᠨᠠᠷᠢᠨ ᠲᠠᠩᠰᠠᠵᠢᠭᠤᠯᠬᠤ︾᠂ ︽ᠡᠬᠡ ᠲᠠᠩᠰᠠᠵᠢᠭᠤᠯᠬᠤ︾ ᠶᠢ ᠠᠬᠢᠭᠤᠯᠵᠤ᠂ ᠲᠥᠷᠥᠯ ᠵᠦᠶᠯ ᠤᠨ ᠲᠦᠭᠵᠢᠷᠡᠯ  ᠤᠨ ᠠᠰᠠᠭᠤᠳᠠᠯ ᠢ ᠴᠠᠭ ᠲᠤᠬᠠᠶ ᠳᠤ ᠨᠢ ᠣᠨᠣᠪᠴᠢᠲᠠᠶ ᠡᠮᠬᠢᠯᠡᠵᠦ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ  ᠪᠠᠨ ᠴᠢᠩᠭᠠᠳᠬᠠᠵᠤ᠂ ᠣᠯᠠᠨ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠶ ᠵᠣᠯᠭᠠᠭᠤᠯᠵᠤ᠂ ᠠᠬᠢᠭᠤᠯᠬᠤ ᠠᠷᠭ᠎ᠠ ᠵᠠᠮ  ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠥᠷᠥᠯ ᠵᠦᠶᠯ ᠢ ᠲᠦᠷᠭᠡᠳᠬᠡᠨ ᠠᠬᠢᠭᠤᠯᠬᠤ ᠶᠢ ᠪᠥᠬᠦ ᠬᠦᠴᠦᠨ ᠢᠶᠠᠷ ᠪᠠᠲᠤᠯᠠᠪᠠ᠃ ᠣᠳᠣᠬᠠᠨ ᠳᠤ᠂ 160 ᠭᠠᠷᠤᠢ ᠪᠠᠷᠢᠯᠭ᠎ᠠ ᠶᠢᠨ ᠠᠵᠢᠯᠲᠠᠨ᠂ 120 ᠭᠠᠷᠤᠢ ᠮᠠᠰᠢᠨ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠵᠤ᠂ ᠣᠳᠣ ᠶᠠᠭ ᠠᠭᠠᠷ ᠤᠨ ᠠᠶᠠᠯᠠᠯ ᠤᠨ ᠥᠷᠲᠡᠭᠡᠨ ᠤ ᠠᠰᠠᠷ᠂ ᠨᠢᠰᠬᠡᠯ ᠵᠣᠭᠰᠣᠬᠤ ᠬᠡᠰᠡᠭ ᠤᠨ ᠰᠢᠷᠣᠢ ᠶᠢ ᠮᠠᠯᠲᠠᠵᠤ ᠵᠥᠭᠡᠭᠡᠪᠦᠷᠢᠯᠡᠬᠦ ᠠᠵᠢᠯ ᠢ ᠶᠠᠪᠤᠭᠳᠠᠭᠤᠯᠵᠤ᠂ ᠵᠢᠯ ᠤᠨ ᠳᠣᠲᠣᠷ᠎ᠠ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号