︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠤᠨ᠎ᠠ — ᠣᠷᠳᠣᠰ᠄ ᠵᠠᠮ ᠲᠡᠭᠡᠭᠡᠪᠦᠷᠢ ᠶᠢᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠥᠷᠲᠡᠭᠡ ᠳᠤ ︽ᠣᠯᠠᠨ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠵᠦ︾ ᠪᠣᠯᠣᠨ᠎ᠠ
ᠨᠡᠶᠢᠲᠡᠯᠡᠭᠰᠡᠨ ᠴᠠᠭ᠄
2025/5/20
    5 ᠳ᠋ᠤᠭᠠᠷ ᠰᠠᠷ᠎ᠠ ᠶᠢᠨ 16 ᠤ ᠡᠳᠦᠷ᠂ ᠠᠴᠢᠶᠠᠨ ᠤ ᠮᠠᠰᠢᠨ ᠤ ᠵᠢᠯᠣᠭᠤᠴᠢ ᠺᠠᠩ ᠯᠢ ᠵᠡᠭᠦᠨᠭᠠᠷ ᠬᠤᠰᠢᠭᠤᠨ  ᠤ ᠣᠷᠳᠣᠰ ᠬᠤᠲᠠ ᠶᠢᠨ ᠬᠤᠩ ᠰᠢᠶᠠᠩ ᠮᠠᠰᠢᠨ ᠲᠡᠷᠭᠡ ᠪᠠᠶᠢᠴᠠᠭᠠᠨ ᠰᠢᠯᠭᠠᠬᠤ ᠬᠢᠵᠠᠭᠠᠷᠲᠤ ᠺᠣᠮᠫᠠᠨᠢ ᠳᠤ ᠳᠥᠭᠦᠮ ᠳᠥᠲᠡ ᠬᠢᠨᠠᠨ ᠰᠢᠯᠭᠠᠬᠤ ᠦᠶᠯᠡᠴᠢᠯᠡᠭᠡ ᠶᠢ ᠪᠡᠶᠡᠴᠢᠯᠡᠨ ᠣᠶᠢᠯᠠᠭᠠᠪᠠ᠃ ᠠᠶᠠᠨᠴᠢᠳ ᠤᠨ ᠵᠥᠭᠡᠭᠡᠪᠦᠷᠢ ᠶᠢᠨ ᠵᠢᠯᠣᠭᠤᠴᠢ ᠪᠣᠯᠤᠭᠰᠠᠨ ᠤ ᠬᠤᠪᠢ ᠳᠤ᠂ ᠲᠡᠷᠡ ᠦᠩᠭᠡᠷᠡᠭᠰᠡᠨ ᠳᠤ ᠮᠠᠰᠢᠨ ᠲᠡᠷᠭᠡᠨ ᠤ ᠣᠨ ᠤ ᠬᠢᠨᠠᠨ ᠪᠠᠶᠢᠴᠠᠭᠠᠯᠲᠠ ᠬᠢᠬᠦ ᠳᠤ ᠣᠯᠠᠨ ᠭᠠᠵᠠᠷ ᠪᠠ ᠰᠠᠯᠠᠭ᠎ᠠ ᠮᠥᠴᠢᠷ ᠤᠨ ᠬᠤᠭᠤᠷᠣᠨᠳᠣ ᠨᠠᠭᠠᠰᠢ ᠴᠠᠭᠠᠰᠢ ᠭᠦᠶᠦᠯᠳᠡᠵᠦ ᠪᠠᠶᠢᠪᠠ᠂ ᠣᠲᠣ ᠵᠠᠮ ᠲᠡᠭᠡᠭᠡᠪᠦᠷᠢ ᠶᠢᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠥᠷᠲᠡᠭᠡ ᠳᠤ ᠠᠷᠪᠠᠨ ᠬᠡᠳᠦᠨ ᠮᠢᠨᠦ᠋ᠲ ᠲᠤ ᠪᠥᠬᠦ ᠶᠠᠪᠤᠴᠠ ᠶᠢ ᠭᠦᠶᠴᠡᠳᠬᠡᠵᠦ ᠳᠡᠶᠢᠯᠬᠦ ᠪᠣᠯᠵᠠᠶ᠃     ᠲᠡᠷᠡ᠄ ︽ᠥᠩᠭᠡᠷᠡᠭᠰᠡᠨ ᠳᠤ᠂ ᠬᠡᠷᠪᠡ ᠶᠠᠭ ᠰᠠᠶᠢᠬᠠᠨ ᠭᠠᠳᠠᠨ᠎ᠠ ᠲᠡᠷᠭᠡ ᠭᠦᠶᠦᠯᠭᠡᠵᠦ ᠪᠠᠶᠢᠪᠠᠯ᠂ ᠪᠠᠰᠠ ᠲᠤᠰᠬᠠᠶᠢᠯᠠᠨ ᠬᠠᠷᠢᠵᠤ ᠢᠷᠡᠭᠡᠳ ᠣᠨ ᠤ ᠬᠢᠨᠠᠨ ᠪᠠᠶᠢᠴᠠᠭᠠᠯᠲᠠ ᠬᠢᠨ᠎ᠠ᠂ ᠣᠲᠣ᠂ ᠰᠢᠯᠭᠠᠨ ᠪᠠᠶᠢᠴᠠᠭᠠᠬᠤ ᠥᠷᠲᠡᠭᠡ ᠪᠠᠷ ᠦᠩᠭᠡᠷᠡᠬᠦ ᠦᠶᠡᠰ᠂ ᠰᠢᠯᠭᠠᠨ ᠪᠠᠶᠢᠴᠠᠭᠠᠬᠤ᠂ ᠣᠨ ᠤ ᠬᠢᠨᠠᠨ ᠪᠠᠶᠢᠴᠠᠭᠠᠯᠲᠠ ᠶᠢ ᠬᠠᠮᠲᠤ ᠳᠤ ᠨᠢ ᠬᠢᠵᠦ᠂ ᠴᠠᠭ ᠢ ᠠᠷᠪᠢᠯᠠᠬᠤ ᠪᠠᠷ ᠪᠠᠷᠠᠬᠤ ᠥᠬᠡᠶ ᠥᠪᠡᠷ ᠤᠨ ᠥᠷᠲᠡᠭ ᠢ ᠴᠦ ᠠᠷᠪᠢᠯᠠᠨ᠎ᠠ︾ ᠭᠡᠵᠡᠢ᠃     ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠥᠷᠲᠡᠭᠡ ᠨᠢ ︽ᠣᠯᠠᠨ ᠶᠠᠪᠤᠳᠠᠯ ᠢ ᠨᠢᠭᠡ ᠯᠡ ᠤᠳᠠᠭ᠎ᠠ  ᠳᠤ ᠭᠦᠶᠴᠡᠳᠬᠡᠬᠦ︾ ᠶᠢ ᠪᠡᠶᠡᠯᠡᠭᠦᠯᠵᠦ ᠴᠢᠳᠠᠭᠰᠠᠨ ᠨᠢ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠴᠢᠯᠡᠭᠡᠨ ᠤ ᠲᠥᠪ ᠤᠨ ᠦᠶᠯᠡᠴᠢᠯᠡᠭᠡᠨ ᠤ ᠰᠢᠰᠲ᠋ᠧᠮ ᠳᠤ ᠲᠦᠰᠢᠭᠯᠡᠵᠡᠶ᠃ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠥᠷᠲᠡᠭᠡ ᠨᠢ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠲᠤᠬᠠᠶᠢᠯᠠᠭᠰᠠᠨ ᠠᠵᠢᠯ ᠢ ᠰᠦᠯᠵᠢᠶ᠎ᠡ  ᠪᠠᠷ ᠡᠷᠭᠢᠯᠳᠦᠭᠦᠯᠬᠦ ᠶᠢ ᠪᠡᠶᠡᠯᠡᠭᠦᠯᠵᠦ ᠪᠣᠯᠤᠨ᠎ᠠ᠃ ᠲᠡᠷᠭᠡᠨ ᠤ ᠡᠵᠡᠨ ᠨᠢ ᠲᠡᠷᠭᠡᠨ ᠤ ᠠᠮᠤᠷ ᠲᠦᠪᠰᠢᠨ ᠤ ᠪᠠᠶᠢᠴᠠᠭᠠᠯᠲᠠ᠂ ᠶᠡᠷᠦᠩᠬᠡᠶᠢᠯᠡᠭᠰᠡᠨ ᠪᠠᠶᠢᠴᠠᠭᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ ᠵᠡᠷᠭᠡ ᠭᠤᠷᠪᠠᠨ ᠵᠦᠶᠯ ᠤᠨ ᠰᠢᠯᠭᠠᠨ ᠪᠠᠶᠢᠴᠠᠭᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠴᠣᠩᠬᠤᠪᠴᠢ ᠳᠤ ᠬᠦᠷᠴᠦ ᠭᠦᠶᠴᠡᠳᠬᠡᠬᠦ ᠴᠢᠬᠤᠯᠠ ᠥᠬᠡᠶ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠰᠢᠰᠲ᠋ᠧᠮ ᠤᠨ ᠠᠯᠤᠰ ᠡᠵᠡᠮᠰᠢᠯᠲᠦ ᠰᠢᠯᠭᠠᠨ ᠪᠠᠶᠢᠴᠠᠭᠠᠵᠤ ᠰᠢᠯᠭᠠᠨ ᠬᠡᠮᠵᠢᠭᠰᠡᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠬᠢᠨᠠᠨ ᠬᠠᠷᠭᠤᠭᠤᠯᠵᠤ ᠪᠠᠲᠤᠯᠠᠵᠤ ᠪᠣᠯᠤᠨ᠎ᠠ᠃     ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠴᠢᠯᠡᠭᠡᠨ ᠤ ᠲᠥᠪ ᠤᠨ ᠠᠵᠢᠯᠲᠠᠨ ᠬᠢᠭᠡᠳ ᠮᠠᠰᠢᠨ ᠲᠡᠷᠭᠡᠨ ᠤ ᠮᠡᠷᠭᠡᠵᠢᠯ ᠤᠨ ᠬᠤᠪᠢᠶᠠᠷᠢ ᠲᠥᠪ ᠤᠨ ᠡᠷᠬᠢᠯᠡᠭᠴᠢ ᠨᠢᠦ ᠰᠧ ᠫᠢᠩ ᠲᠠᠨᠢᠯᠴᠠᠭᠤᠯᠬᠤ ᠳᠤ ᠪᠠᠨ᠄     ︽ᠣᠳᠣᠬᠠᠨ ᠳᠤ ᠨᠢᠭᠡᠨᠲᠡ 6 ᠵᠦᠶᠯ ᠤᠨ ᠥᠨᠳᠥᠷ ᠳᠠᠪᠲᠠᠮᠵᠢᠲᠤ ᠵᠦᠶᠯᠡᠰ ᠢ ᠡᠮᠬᠢᠯᠡᠨ ᠨᠡᠶᠢᠯᠡᠭᠦᠯᠵᠦ᠂ ᠳᠠᠪᠬᠤᠷᠳᠠᠭᠰᠠᠨ ᠮᠠᠲ᠋ᠧᠷᠢᠶᠠᠯ ᠲᠤᠰᠢᠶᠠᠬᠤ ᠶᠢ 85% ᠠᠴᠠ ᠳᠡᠭᠡᠭᠰᠢ ᠪᠠᠭᠠᠰᠬᠠᠪᠠ᠃ ᠲᠠᠷᠠᠭᠠᠴᠢ ᠶᠢᠨ ᠠᠯᠬᠤᠮ ᠳᠤ᠂ ᠪᠢᠳᠡ ᠡᠯᠧᠺᠲᠷᠣᠨ ᠦᠨᠡᠮᠯᠡᠯ ᠭᠤᠶᠤᠴᠢᠯᠠᠬᠤ ᠠᠵᠢᠯ ᠢ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠥᠷᠲᠡᠭᠡ ᠳᠤ ᠳᠡᠯᠭᠡᠷᠡᠭᠦᠯᠵᠦ᠂ ᠠᠷᠠᠳ ᠲᠤ ᠨᠠᠩ ᠢᠯᠡᠭᠦᠦ ᠠᠰᠢᠭ ᠬᠦᠷᠲᠡᠭᠡᠵᠦ ᠠᠷᠠᠳ ᠲᠤ ᠨᠠᠩ ᠲᠥᠬᠦᠮ ᠦᠵᠡᠭᠦᠯᠦᠨ᠎ᠡ︾ ᠭᠡᠵᠡᠢ᠃    ᠣᠶᠢᠯᠠᠭᠠᠭᠰᠠᠨ ᠢᠶᠠᠷ᠂ ᠣᠳᠣᠬᠠᠨ ᠳᠤ᠂ ᠣᠷᠳᠣᠰ ᠬᠤᠲᠠ ᠳᠤ 7 ᠲᠦᠮᠡ ᠭᠠᠷᠤᠶ ᠡᠵᠡᠩᠨᠡᠯᠲᠡ ᠶᠢᠨ ᠲᠡᠷᠭᠡ  ᠲᠠᠢ ᠪᠠᠶᠢᠵᠤ᠂ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠴᠢᠯᠡᠭᠡᠨ ᠤ ᠲᠥᠪ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠳᠠᠬᠢᠨ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠨᠠᠩ ᠣᠯᠠᠨ ᠲᠦᠮᠡᠨ ᠳᠤ ᠬᠦᠷᠲᠡᠭᠡᠬᠦ ᠶᠢᠨ ᠲᠥᠯᠥᠭᠡ᠂ ᠣᠳᠣᠬᠠᠨ ᠳᠤ ᠪᠦᠬᠦ ᠬᠤᠲᠠ ᠶᠢᠨ ᠬᠡᠪᠴᠢᠶᠡᠨ ᠳᠤ ᠨᠢᠭᠡᠨᠲᠡ 60 ᠵᠠᠮ ᠲᠡᠭᠡᠭᠡᠪᠦᠷᠢ  ᠶᠢᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠲᠡᠷᠭᠡ ᠬᠥᠰᠬᠡ ᠶᠢᠨ ᠣᠨ ᠤ ᠬᠢᠨᠠᠨ ᠪᠠᠶᠢᠴᠠᠭᠠᠯᠲᠠ᠂ ᠣᠨ ᠤ ᠪᠠᠶᠢᠴᠠᠭᠠᠯᠲᠠ᠂ ᠦᠨᠡᠮᠯᠡᠯ ᠰᠣᠯᠢᠬᠤ ᠵᠡᠷᠭᠡ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠦᠨᠳᠦᠰᠦᠨ ᠱᠠᠲᠤᠨ ᠳᠤ ᠬᠦᠷᠲᠡᠯ᠎ᠡ ᠤᠷᠳᠤᠳᠬᠠᠬᠤ ᠶᠢ ᠠᠬᠢᠭᠤᠯᠵᠤ᠂ ᠲᠦᠷᠢᠶᠡᠰᠦᠨ ᠮᠠᠰᠢᠨ᠂ ᠠᠶᠠᠨᠴᠢᠳ ᠤᠨ ᠲᠡᠷᠭᠡ᠂ ᠪᠠᠷᠠᠭᠠᠨ ᠤ ᠲᠡᠷᠭᠡ ᠵᠡᠷᠭᠡ ᠡᠵᠡᠩᠨᠡᠯᠲᠡ ᠶᠢᠨ ᠲᠡᠷᠭᠡ ᠬᠥᠰᠬᠡ ᠶᠢᠨ ᠡᠵᠡᠨ ᠨᠢ ᠴᠥᠮ ᠣᠶᠢᠷ᠎ᠠ ᠬᠠᠪᠢ ᠶᠢᠨ ᠳᠤᠷ᠎ᠠ ᠶᠢᠨ ᠨᠢᠭᠡ ᠵᠠᠮ ᠲᠡᠭᠡᠭᠡᠪᠦᠷᠢ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢ ᠰᠣᠩᠭᠤᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠪᠣᠯᠤᠨ᠎ᠠ᠂ ᠲᠡᠷᠭᠡ ᠬᠥᠰᠬᠡ ᠶᠢᠨ ᠬᠠᠷᠢᠶ᠎ᠠ ᠣᠷᠣᠨ ᠤ ᠬᠢᠵᠠᠭᠠᠷᠯᠠᠯ ᠢ ᠡᠪᠳᠡᠨ᠂         ︽ᠲᠤᠭ᠎ᠠ ᠪᠠᠷᠢᠮᠲᠠ ᠶᠢ ᠭᠦᠶᠦᠯᠭᠡᠬᠦ︾ ᠪᠠᠷ ᠣᠯᠠᠨ ᠲᠦᠮᠡᠨ ᠢ ᠭᠦᠶᠦᠯᠭᠡᠬᠦ ᠶᠢ ᠦᠨᠡᠨ ᠬᠦ ᠣᠷᠣᠯᠠᠭᠤᠯᠵᠤ᠂       ︽ᠣᠯᠠᠨ ᠲᠡᠶᠢᠰᠢ ᠭᠦᠶᠦᠬᠦ᠂ ᠳᠠᠬᠢᠨ ᠳᠠᠪᠲᠠᠨ ᠭᠦᠶᠴᠡᠳᠬᠡᠬᠦ︾ ᠠᠴᠠ ︽ᠨᠢᠭᠡ ᠡᠭᠦᠳᠡ ᠶᠢ ᠣᠷᠣᠪᠠᠯ᠂ ᠣᠯᠠᠨ ᠶᠠᠪᠤᠳᠠᠯ ᠭᠦᠢᠴᠡᠳᠬᠡᠬᠦ︾ ᠳᠤ ᠬᠦᠷᠴᠦ᠂ ︽ᠬᠡᠷ ᠤᠨ ᠡᠭᠦᠳᠡᠨ︾ ᠳᠤ ᠳᠡᠭᠡᠷ᠎ᠡ ᠪᠠᠨ ᠨᠢᠭᠡ ᠥᠷᠲᠡᠭᠡᠴᠢᠯᠡᠭᠰᠡᠨ ᠮᠠᠶ᠋ᠢᠭ ᠢᠶᠠᠷ ᠭᠦᠶᠴᠡᠳᠬᠡᠬᠦ ᠶᠢ ᠪᠡᠶᠡᠯᠡᠭᠦᠯᠬᠦ ᠪᠣᠯᠵᠠᠢ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号