ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠰᠢᠨ᠎ᠡ ᠡᠨᠧᠷᠭᠢ ᠶᠢᠨ ᠬᠤᠲᠠ ᠶᠢᠨ ᠨᠡᠶᠢᠲᠡ ᠶᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ ᠤ ᠳ᠋ᠢᠶᠠᠨ ᡂᠢ ᠶᠢ ᠰᠢᠨᠡᠳᠬᠡᠬᠦ ᠨᠥᠬᠦᠪᠥᠷᠢ ᠶᠢᠨ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/5/21
    ᠨᠢᠭᠡ᠂ ᠲᠤᠭᠤᠷᠪᠢᠨ ᠪᠢᠴᠢᠭᠰᠡᠨ ᠠᠬᠤᠢ ᠪᠠᠶᠢᠳᠠᠯ ᠪᠠ ᠦᠨᠳᠦᠰᠦᠯᠡᠯ     ︽︿ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠶᠯ ᠢ ᠬᠠᠭᠤᠴᠢᠨ ᠢᠶᠠᠷ ᠰᠢᠨ᠎ᠡ  ᠶᠢ ᠰᠣᠯᠢᠬᠤ ᠠᠵᠢᠯᠯᠠᠭ᠎ᠠ ᠶᠢ ᠠᠬᠢᠭᠤᠯᠬᠤ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ  ᠤᠨ ᠬᠤᠷᠢᠶ᠎ᠠ ᠶᠢᠨ ᠮᠡᠳᠡᠭᠳᠡᠯ︾ ︵ᠲᠥᠷᠥ  ᠶᠠᠪᠤᠳᠠᠯ ᠤᠨ ᠬᠤᠷᠢᠶ᠎ᠠ ᠲᠠᠷᠬᠠᠭᠠᠭᠰᠠᠨ  ﹇2024﹈ 7 ᠳ᠋ᠤᠭᠠᠷ ᠲᠣᠭᠠᠲᠤ︾᠂ ︽︿2025 ᠣᠨ ᠤ ᠰᠢᠨ᠎ᠡ ᠡᠨᠧᠷᠭᠢ ᠶᠢᠨ ᠬᠤᠲᠠ ᠶᠢᠨ ᠨᠡᠶᠢᠲᠡ ᠶᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ ᠤ ᠳ᠋ᠢᠶᠠᠨ ᡂᠢ ᠶᠢ ᠰᠢᠨᠡᠳᠬᠡᠬᠦ ᠨᠥᠬᠦᠪᠥᠷᠢ ᠶᠢᠨ ᠬᠡᠷᠡᠭᠵᠢᠭᠦᠯᠬᠦ ᠨᠠᠷᠢᠨ ᠲᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠵᠠᠮ ᠠᠯᠪᠠᠨ ᠲᠡᠭᠡᠭᠡᠪᠦᠷᠢ ᠶᠢᠨ ﹇2025﹈ 4 ᠳ᠋ᠦ᠋ᠭᠡᠷ ᠲᠣᠭᠠᠲᠤ︾ ᠶᠢ ᠦᠨᠳᠦᠰᠦᠯᠡᠪᠡ᠃     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ︽ᠲᠣᠮᠣ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠶᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭ᠎ᠠ ᠶᠢᠨ ᠲᠥᠰᠦᠯ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠬᠥᠭᠵᠢᠯᠲᠡ ᠶᠢ ᠠᠬᠢᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭᠠᠲᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢ ᠲᠤᠯᠭᠠᠭᠤᠷᠢᠯᠠᠨ ᠪᠠᠶᠢᠭᠤᠯᠬᠤ ᠶᠢᠨ ᠲᠥᠯᠥᠭᠡ᠂ ᠮᠠᠨ ᠤ ᠣᠷᠣᠨ ᠤ 2025 ᠣᠨ ᠤ ᠰᠢᠨ᠎ᠡ ᠡᠨᠧᠷᠭᠢ ᠶᠢᠨ ᠨᠡᠶᠢᠲᠡ  ᠶᠢᠨ ᠮᠠᠰᠢᠨ ᠲᠡᠷᠭᠡ ᠪᠠ ᠬᠥᠳᠡᠯᠭᠡᠬᠦ ᠬᠦᠴᠦᠨ ᠤ ᠳ᠋ᠢᠶᠠᠨ ᡂᠢ ᠶᠢᠨ ᠰᠢᠨᠡᠳᠬᠡᠬᠦ ᠪᠠᠯᠠ ᠮᠥᠩᠭᠦ ᠶᠢᠨ ᠬᠠᠮᠢᠶᠠᠷᠤᠯᠲᠠ  ᠶᠢᠨ ᠪᠣᠳᠠᠲᠠᠶ ᠨᠠᠷᠢᠨ ᠲᠦᠷᠢᠮ ᠢ ᠣᠨᠴᠠᠭᠠᠶᠢᠯᠠᠨ ᠲᠣᠭᠲᠠᠭᠠᠪᠠ᠃     ᠬᠤᠶᠠᠷ᠂ ᠲᠣᠭᠲᠠᠭᠠᠬᠤ ᠶᠠᠪᠤᠴᠠ      ᠬᠡᠰᠡᠭ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ᠂ ᠨᠡᠶᠢᠲᠡ ᠶᠢᠨ ᠮᠠᠰᠢᠨ ᠲᠡᠷᠭᠡ ᠪᠣᠯᠤᠨ ᠬᠥᠳᠡᠯᠭᠡᠭᠴᠢ ᠬᠦᠴᠦᠨ ᠤ ᠳ᠋ᠢᠶᠠᠨ ᡂᠢ ᠦᠶᠯᠡᠳᠪᠦᠷᠢᠯᠡᠬᠦ ᠦᠶᠯᠡᠳᠪᠦᠷᠢ ᠯᠦᠭᠡ ᠶᠠᠷᠢᠯᠴᠠᠬᠤ ᠪᠠᠷ ᠳᠠᠮᠵᠢᠭᠠᠳ᠂ ᠬᠡᠰᠡᠭ ᠮᠤᠵᠢ ᠬᠤᠲᠠ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠨᠠᠷᠢᠨ ᠳᠦᠷᠢᠮ ᠢ ᠲᠣᠭᠲᠠᠭᠠᠪᠠ᠃     ᠭᠤᠷᠪᠠ᠂ ᠭᠤᠣᠯ ᠠᠭᠤᠯᠭ᠎ᠠ     ᠨᠢᠭᠡ ᠳᠤ᠂ ᠨᠥᠬᠦᠪᠥᠷᠢ ᠥᠭᠬᠦ ᠬᠡᠪᠴᠢᠶ᠎ᠡ ᠶᠢ ᠲᠣᠳᠣᠷᠬᠠᠶᠢᠯᠠᠪᠠ᠂ ᠲᠤᠬᠠᠶᠢᠯᠠᠪᠠᠯ 2017 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠳᠠᠩᠰᠠᠯᠠᠭᠤᠯᠤᠭᠰᠠᠨ ᠬᠤᠲᠠ ᠶᠢᠨ ᠨᠡᠶᠢᠲᠡ ᠶᠢᠨ ᠮᠠᠰᠢᠨ ᠲᠡᠷᠭᠡ ᠶᠢ ᠰᠢᠨᠡᠳᠬᠡᠬᠦ ᠵᠢᠴᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠴᠢᠨᠠᠷ ᠢ ᠪᠠᠲᠤᠯᠠᠬᠤ ᠬᠤᠭᠤᠴᠠᠭ᠎ᠠ ᠨᠢ ᠬᠡᠲᠦᠷᠡᠭᠰᠡᠨ ᠪᠤᠶᠤ ᠠᠶᠤᠯᠭᠦᠶ ᠡᠵᠡᠩᠨᠡᠯᠲᠡ ᠶᠢᠨ ᠨᠥᠬᠦᠴᠡᠯ ᠳᠤ ᠥᠯᠥ ᠨᠡᠶᠢᠴᠡᠬᠦ ᠰᠢᠨ᠎ᠡ ᠡᠨᠧᠷᠭᠢ ᠶᠢᠨ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠬᠥᠳᠡᠯᠭᠡᠬᠦ ᠬᠦᠴᠦᠨ ᠤ ᠳ᠋ᠢᠶᠠᠨ ᡂᠢ ᠶᠢ ᠰᠣᠯᠢᠨ᠎ᠠ᠃     ᠬᠤᠶᠠᠷ ᠲᠤ᠂ ᠨᠥᠬᠦᠪᠥᠷᠢ ᠥᠭᠬᠦ ᠪᠠᠷᠢᠮᠵᠢᠶ᠎ᠠ ᠶᠢ ᠲᠣᠭᠲᠠᠭᠠᠪᠠ᠃ 2024 ᠣᠨ ᠤ ᠨᠡᠶᠢᠲᠡ ᠶᠢᠨ ᠮᠠᠰᠢᠨ ᠲᠡᠷᠭᠡ ᠶᠢ ᠰᠢᠨᠡᠳᠬᠡᠬᠦ ᠨᠥᠬᠦᠪᠥᠷᠢ ᠶᠢᠨ ᠪᠠᠷᠢᠮᠵᠢᠶ᠎ᠠ ᠲᠠᠢ ᠬᠠᠷᠢᠴᠠᠭᠤᠯᠪᠠᠯ ᠵᠣᠬᠢᠬᠤ ᠳᠡᠭᠡᠭᠰᠢᠯᠡᠵᠦ᠂ ᠰᠢᠨᠡᠳᠬᠡᠬᠦ ᠰᠢᠨ᠎ᠡ ᠡᠨᠧᠷᠭᠢ ᠶᠢᠨ ᠬᠤᠲᠠ ᠶᠢᠨ ᠨᠡᠶᠢᠲᠡ ᠶᠢᠨ ᠮᠠᠰᠢᠨ ᠲᠡᠷᠭᠡ ᠪᠦᠷᠢ ᠳᠤ 11 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ︔ ᠪᠦᠬᠦ ᠲᠡᠷᠭᠡᠨ ᠤ ᠬᠥᠳᠡᠯᠭᠡᠬᠦ ᠬᠦᠴᠦᠨ ᠤ ᠳ᠋ᠢᠶᠠᠨ ᡂᠢ ᠶᠢ ᠰᠣᠯᠢᠬᠤ ᠳᠤ ᠲᠡᠷᠭᠡ ᠪᠦᠷᠢ  ᠳᠤ 4.2 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃     ᠭᠤᠷᠪᠠ ᠳᠤ᠂ ᠪᠠᠯᠠ ᠮᠥᠩᠭᠦ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ ᠪᠠ ᠮᠠᠲ᠋ᠧᠷᠢᠶᠠᠯ ᠢ ᠨᠠᠷᠢᠯᠢᠭᠵᠢᠭᠤᠯᠪᠠ᠃ ᠨᠥᠬᠦᠪᠥᠷᠢ ᠪᠡᠯᠡ ᠮᠥᠩᠭᠦ ᠭᠤᠶᠤᠴᠢᠯᠠᠬᠤ ᠨᠡᠶᠢᠲᠡ ᠶᠢᠨ ᠮᠠᠰᠢᠨ ᠲᠡᠷᠭᠡ ᠡᠵᠡᠩᠨᠡᠭᠴᠢ ᠶᠢᠨ ᠪᠠᠶᠢᠭ᠎ᠠ ᠭᠠᠵᠠᠷ ᠨᠢ ᠬᠤᠰᠢᠭᠤ ᠰᠢᠶᠠᠨ ᠳᠤ ᠪᠠᠶᠢᠬᠤ ᠨᠢ ︵ᠠᠶᠢᠮᠠᠭ ᠬᠤᠲᠠ ᠶᠢᠨ ᠪᠤᠰᠤ ᠭᠤᠣᠯ ᠬᠤᠲᠠ ᠶᠢᠨ ᠲᠣᠭᠤᠷᠢᠭ︶᠂ ᠬᠤᠰᠢᠭᠤ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠡᠳᠡᠭᠦᠯᠬᠦ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠵᠦ᠂ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠬᠢᠨ ᠬᠢᠨᠠᠭᠤᠯᠤᠨ᠎ᠠ︔ ᠡᠵᠡᠩᠨᠡᠭᠴᠢ ᠶᠢᠨ ᠪᠠᠶᠢᠭ᠎ᠠ ᠭᠠᠵᠠᠷ ᠨᠢ ᠠᠶᠢᠮᠠᠭ ᠬᠤᠲᠠ ᠶᠢᠨ ᠭᠤᠣᠯ ᠬᠤᠲᠠ ᠶᠢᠨ ᠲᠣᠭᠤᠷᠢᠭ ᠳᠤ ᠪᠠᠶᠢᠪᠠᠯ᠂ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠡᠳᠡᠭᠦᠯᠬᠦ ᠮᠠᠲ᠋ᠧᠷᠢᠶᠠᠯ ᠳᠤ ᠬᠢᠨᠠᠨ ᠬᠠᠷᠭᠤᠭᠤᠯᠤᠯᠲᠠ ᠬᠢᠨ᠎ᠡ᠃ ᠮᠠᠨᠵᠤᠤᠷ ᠬᠤᠲᠠ᠂ ᠡᠷᠢᠶᠡᠨ ᠬᠤᠲᠠ ᠶᠢ ᠲᠤᠬᠠᠶ ᠶᠢᠨ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠤᠨ᠎ᠠ᠃     ᠳᠥᠷᠪᠡ ᠳᠤ᠂ ᠪᠡᠯᠡ ᠮᠥᠩᠭᠦ ᠪᠣᠯᠤᠨ ᠠᠮᠵᠢᠯᠲᠠ ᠪᠦᠲᠦᠮᠵᠢ ᠶᠢᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠪᠠ᠃ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠰᠢᠨ᠎ᠡ ᠡᠨᠧᠷᠭᠢ ᠶᠢᠨ ᠬᠤᠲᠠ ᠶᠢᠨ ᠨᠡᠶᠢᠲᠡ ᠶᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ ᠤ ᠳ᠋ᠢᠶᠠᠨ ᡂᠢ ᠶᠢ ᠰᠢᠨᠡᠳᠬᠡᠬᠦ ᠨᠥᠬᠦᠪᠥᠷᠢ ᠶᠢᠨ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ  ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ    
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号