︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠎ᠠ — ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠮᠠᠨ ᠤ ᠣᠷᠣᠨ ᠤ ᠴᠢᠬᠤᠯᠠ ᠶᠡᠭᠡ ᠵᠠᠰᠠᠮᠠᠯ ᠵᠠᠮ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠳᠡᠮᠵᠢᠵᠦ ᠪᠠᠶᠢᠨ᠎ᠠ
ᠨᠡᠶᠢᠲᠡᠯᠡᠭᠰᠡᠨ ᠴᠠᠭ᠄
2025/5/22
     ᠣᠶᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ ᠵᠦᠶᠯ ᠤᠨ ᠪᠠᠯᠠ ᠮᠥᠩᠭᠦ ᠶᠢ 11.6 ᠳ᠋ᠦᠩᠰᠢᠭᠤᠷ ᠲᠥᠭᠦᠷᠢᠭ ᠪᠠᠭᠤᠯᠭᠠᠵᠤ᠂ ᠮᠠᠨ ᠤ ᠣᠷᠣᠨ ᠤ ᠵᠠᠰᠠᠮᠠᠯ ᠵᠠᠮ ᠤᠨ ᠲᠣᠤᠷ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠳᠡᠮᠵᠢᠪᠡ᠃ ᠡᠨᠡ ᠵᠢᠯ ᠣᠲᠣ ᠪᠣᠯᠲᠠᠯ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠨᠢᠭᠡᠨᠲᠡ 88.3 ᠳ᠋ᠦᠩᠰᠢᠭᠤᠷ ᠲᠥᠭᠦᠷᠢᠭ ᠲᠥᠪ ᠤᠨ ᠪᠠᠯᠠ ᠮᠥᠩᠭᠦ ᠶᠢ ᠪᠠᠭᠤᠯᠭᠠᠵᠤ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠳᠤ ᠬᠡᠷᠡᠭᠯᠡᠵᠦ᠂ ᠨᠢᠳᠤᠨᠤᠨ ᠤ ᠪᠥᠬᠦ ᠵᠢᠯ ᠤᠨ ᠪᠠᠭᠤᠯᠭᠠᠭᠰᠠᠨ ᠲᠤᠭ᠎ᠠ ᠠᠴᠠ 15% ᠪᠠᠷ ᠨᠡᠮᠡᠭᠳᠡᠵᠦ᠂ ᠤᠯᠤᠰ ᠠᠴᠠ ᠬᠢᠯᠢ ᠬᠢᠵᠠᠭᠠᠷ ᠣᠷᠣᠨ ᠤ ᠵᠠᠮ ᠬᠠᠷᠢᠯᠴᠠᠭᠠᠨ ᠤ ᠰᠠᠭᠤᠷᠢ ᠲᠦᠭᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ ᠪᠠᠶᠢᠬᠤ ᠶᠢ ᠢᠯᠡᠷᠡᠭᠦᠯᠵᠦ᠂ ᠮᠠᠨ ᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠳᠠᠷᠤᠯᠲᠠ ᠶᠢ ᠨᠠᠩ ᠶᠡᠭᠡ ᠪᠠᠷ ᠨᠠᠮᠳᠠᠭᠤᠯᠪᠠ᠃     ᠲᠣᠰ ᠤᠳᠠᠭ᠎ᠠ ᠶᠢᠨ ᠪᠠᠯᠠ ᠮᠥᠩᠭᠦ ᠨᠢ 505 ᠺᠢᠯᠣᠮᠧᠲᠷ ᠤᠯᠤᠰ ᠤᠨ ᠵᠠᠮ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠡᠭᠦᠨ ᠳᠤ 455 ᠺᠢᠯᠣᠮᠧᠲᠷ ᠨᠢ ᠰᠢᠨ᠎ᠡ ᠪᠠᠷ ᠪᠠᠷᠢᠯᠭ᠎ᠠ ᠡᠬᠢᠯᠡᠭᠦᠯᠦᠭᠰᠡᠨ ᠲᠥᠷᠥᠯ ᠵᠦᠶᠯ ᠪᠣᠯᠤᠨ᠎ᠠ᠂ ᠲᠥᠷᠥᠯ ᠵᠦᠶᠯ ᠢ ᠬᠡᠷᠡᠭᠵᠢᠭᠦᠯᠬᠦ ᠨᠢ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ  ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠦᠨ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠤᠭ ᠤᠨ ᠰᠢᠨ᠎ᠡ ᠨᠢᠭᠡ ᠡᠭᠡᠯᠵᠢ ᠶᠢᠨ ᠤᠯᠤᠰ ᠤᠨ ᠵᠠᠰᠠᠮᠠᠯ ᠵᠠᠮ ᠤᠨ ᠲᠣᠤᠷ ᠤᠨ ᠲᠥᠯᠥᠪᠵᠢᠭᠦᠯᠭᠡ ᠶᠢᠨ ᠲᠣᠬᠢᠷᠠᠭᠤᠯᠤᠯᠲᠠ ᠳᠤ᠂ ᠮᠠᠨ ᠤ ᠣᠷᠣᠨ ᠤ ᠬᠡᠪᠴᠢᠶᠡᠨ ᠳᠠᠬᠢ G623᠂ G625᠂ G627 ᠭᠤᠷᠪᠠᠨ ᠵᠤᠷᠪᠤᠰ ᠬᠢᠯᠢ ᠳᠠᠭᠠᠤ ᠤᠯᠤᠰ ᠤᠨ ᠵᠠᠮ ᠲᠠᠢ ᠵᠡᠷᠭᠡᠴᠡᠭᠰᠡᠨ ᠱᠤᠭᠤᠮ ᠤᠨ ᠶᠡᠷᠦᠩᠬᠡᠶ ᠣᠷᠳᠣ ᠨᠢ  1326 ᠺᠢᠯᠣᠮᠧᠲᠷ ᠤᠨ ᠰᠢᠨ᠎ᠡ ᠪᠠᠷ ᠨᠡᠮᠡᠭᠳᠡᠭᠰᠡᠨ ᠢ ᠲᠥᠯᠥᠪᠵᠢᠭᠦᠯᠭᠡ ᠳᠤ ᠣᠷᠣᠭᠤᠯᠪᠠ᠃ ᠡᠭᠦᠨ ᠤ ᠬᠠᠮᠲᠤ᠂ ᠪᠡᠯᠡ ᠣᠷᠣᠭᠤᠯᠤᠯᠲᠠ ᠶᠢᠨ ᠨᠥᠬᠦᠪᠥᠷᠢ ᠶᠢᠨ ᠪᠠᠷᠢᠮᠵᠢᠶ᠎ᠠ  ᠶᠢ ᠤᠤᠯ ᠤᠨ 450 ᠲᠦᠮᠡᠨ ᠲᠥᠭᠦᠷᠢᠭ / ᠺᠢᠯᠣᠮᠧᠲᠷ ᠪᠠᠶᠢᠭᠰᠠᠨ ᠠᠴᠠ ᠨᠢ 950 ᠲᠦᠮᠡᠨ ᠲᠥᠭᠦᠷᠢᠭ / ᠺᠢᠯᠣᠮᠧᠲᠷ ᠪᠣᠯᠭᠠᠨ ᠳᠡᠭᠡᠭᠰᠢᠯᠡᠭᠦᠯᠪᠡ᠃     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠡᠭᠦᠨ ᠢᠶᠠᠷ ᠠᠵᠠ ᠲᠣᠬᠢᠶᠠᠯ ᠪᠣᠯᠭᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠢᠬᠤᠯᠠ ᠶᠡᠭᠡ ᠲᠥᠷᠥᠯ ᠵᠦᠶᠯ ᠢ ᠲᠥᠯᠥᠪᠵᠢᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠣᠷᠣᠨ ᠪᠦᠰᠡ ᠶᠢᠨ ᠠᠵᠤ ᠠᠬᠤᠶ ᠨᠡᠶᠢᠭᠡᠮ  ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠬᠠᠩᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号