ᠬᠢᠩᠭᠠᠨ ᠠᠶᠢᠮᠠᠭ ᠡᠨᠡ ᠵᠢᠯ ᠡᠯᠡᠰᠦ ᠶᠢ ᠳᠤᠭᠤᠯᠤᠭᠰᠠᠨ ᠵᠠᠰᠠᠮᠠᠯ ᠵᠠᠮ ᠢ 256.3 ᠺᠢᠯᠣᠮᠧᠲᠷ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2025/5/23
    ᠬᠢᠩᠭᠠᠨ ᠠᠶᠢᠮᠠᠭ ᠡᠨᠡ ᠵᠢᠯ ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ 256.3 ᠺᠢᠯᠣᠮᠧᠲᠷ ᠬᠡᠷᠡᠭᠵᠢᠭᠦᠯᠬᠦ ᠪᠠᠷ ᠲᠥᠯᠥᠪᠯᠡᠵᠦ ᠪᠣᠶ᠂ ᠡᠭᠦᠨ ᠳᠤ 210 ᠮᠤᠵᠢ ᠶᠢᠨ ᠵᠠᠮ ᠤᠨ ᠲᠦᠴᠢᠦᠸᠠᠨ— ᠳ᠋ᠢ ᠭᠦᠩ ᠬᠤᠸᠠ ᠬᠡᠰᠡᠭ 99.3 ᠺᠢᠯᠣᠮᠧᠲᠷ᠂ ᠬᠥᠳᠡᠭᠡ ᠲᠣᠰᠬᠤᠨ ᠤ ᠵᠠᠰᠠᠮᠠᠯ ᠵᠠᠮ  ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ 157 ᠺᠢᠯᠣᠮᠧᠲᠷ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ  ᠨᠢ 10.3 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ ᠶᠠᠭ ᠳᠠᠭᠠᠭᠠᠴᠢᠯᠠᠯᠲᠠ ᠵᠠᠷᠯᠠᠬᠤ ᠠᠵᠢᠯ ᠢ ᠶᠠᠪᠤᠭᠳᠠᠭᠤᠯᠵᠤ ᠪᠣᠶ︔ ᠡᠯᠡᠰᠦ ᠶᠢ ᠳᠤᠭᠤᠯᠤᠭᠰᠠᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ 20 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠤᠷᠳᠤ ᠨᠢ 164.61 ᠺᠢᠯᠣᠮᠧᠲᠷ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 0.5 ᠳ᠋ᠦᠩᠰᠢᠭᠤᠷ ᠲᠥᠭᠦᠷᠢᠭ ᠪᠠᠶᠢᠵᠤ᠂ ᠤᠳᠤ ᠶᠠᠭ ᠳᠠᠭᠠᠭᠠᠴᠢᠯᠠᠯᠲᠠ ᠵᠠᠷᠯᠠᠬᠤ ᠠᠵᠢᠯ ᠢ ᠶᠠᠪᠤᠭᠳᠠᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠬᠢᠴᠠ ᠯᠤᠭ᠎ᠠ ᠦᠨᠳᠦᠰᠦᠨ ᠳᠤ ᠪᠠᠨ ᠠᠳᠠᠯᠢ ᠠᠯᠬᠤᠮ ᠢᠶᠠᠷ ᠶᠠᠪᠤᠭᠳᠠᠵᠤ ᠪᠤᠢ᠃     2024 ᠣᠨ ᠳᠤ ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ 2 ᠪᠠᠭᠤᠯᠭᠠᠵᠤ᠂ ᠶᠡᠷᠦᠩᠬᠡᠶ ᠣᠷᠳᠣ ᠨᠢ 41.5 ᠺᠢᠯᠣᠮᠧᠲᠷ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ  ᠨᠢ 0.4 ᠳ᠋ᠦᠩᠰᠢᠭᠤᠷ ᠲᠥᠭᠦᠷᠢᠭ ᠲᠤ ᠬᠦᠷᠴᠦ᠂ ᠨᠢᠭᠡᠨᠲᠡ 0.07 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠡᠨᠡ ᠵᠢᠯ ᠦᠷᠭᠦᠯᠵᠢᠯᠡᠨ ᠬᠡᠷᠡᠭᠵᠢᠭᠦᠯᠦᠨ᠎ᠡ᠃     ᠣᠶᠢᠯᠠᠭᠠᠭᠰᠠᠨ ᠢᠶᠠᠷ᠂ ︽ᠵᠠᠮ ᠢᠶᠠᠷ ᠡᠯᠡᠰᠦ ᠶᠢ ᠵᠠᠰᠠᠬᠤ︾ ᠬᠡᠷᠡᠭᠴᠡᠭᠡ ᠱᠠᠭᠠᠷᠳᠠᠯᠭ᠎ᠠ ᠪᠠ ᠵᠠᠮ ᠤᠨ ᠲᠣᠤᠷ  ᠤᠨ ᠪᠦᠬᠦᠯᠢ ᠴᠣᠭᠴᠠᠲᠤ ᠴᠢᠨᠠᠷ ᠪᠠ ᠬᠤᠯᠪᠣᠯᠳᠤᠨ ᠨᠡᠪᠲᠡᠷᠡᠯᠴᠡᠬᠦ ᠴᠢᠨᠠᠷ ᠢ ᠪᠣᠳᠣᠯᠬᠢᠯᠠᠭᠰᠠᠨ ᠤᠷᠢᠲᠠᠯ ᠳᠣᠤᠷ᠎ᠠ᠂ ᠬᠥᠨᠳᠡᠯᠡᠨ ᠴᠢᠭᠯᠡᠯ ᠢᠶᠠᠷ ᠡᠯᠡᠰᠦᠷᠬᠡᠭ ᠭᠠᠵᠠᠷ ᠢ ᠣᠭᠲᠣᠯᠬᠤ ᠵᠠᠮ ᠤᠨ ᠲᠣᠤᠷ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠬᠢᠩᠭᠠᠨ ᠠᠶᠢᠮᠠᠭ ᠨᠡᠶᠢᠲᠡ 1 ᠮᠤᠵᠢ ᠶᠢᠨ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠭᠤᠶᠤᠴᠢᠯᠠᠨ ᠮᠡᠳᠡᠭᠦᠯᠵᠦ᠂ ᠶᠡᠷᠦᠩᠬᠡᠶ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ 99.3 ᠺᠢᠯᠣᠮᠧᠲᠷ ᠪᠣᠯᠤᠨ᠎ᠠ︔ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ 30 ᠲᠥᠷᠥᠯ ᠵᠦᠶᠯ ᠤᠨ ᠶᠡᠷᠦᠩᠬᠡᠶ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 471.3 ᠺᠢᠯᠣᠮᠧᠲᠷ ᠪᠣᠯᠤᠨ᠎ᠠ︔ 31 ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠲᠥᠷᠥᠯ ᠵᠦᠶᠯ ᠳᠤ 243.7 ᠺᠢᠯᠣᠮᠧᠲᠷ ᠤᠷᠲᠤ ᠠᠷᠠᠴᠢᠯᠠᠨ ᠬᠠᠮᠠᠭᠠᠯᠠᠬᠤ ᠪᠠᠷ ᠲᠥᠯᠥᠪᠯᠡᠵᠦ᠂ ᠪᠦᠬᠦᠨ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠪᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠣᠷᠣᠨ ᠤ ︿ᠵᠠᠮ ᠢᠶᠠᠷ ᠡᠯᠡᠰᠦ ᠶᠢ ᠵᠠᠰᠠᠬᠤ﹀ ᠬᠥᠭᠵᠢᠯᠲᠡ ᠶᠢᠨ ᠲᠥᠯᠥᠪᠵᠢᠭᠦᠯᠭᠡ ︵2024 - 2030 ᠣᠨ︶︾ ᠳᠤ ᠣᠷᠣᠭᠤᠯᠵᠠᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号