ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ᠂ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ︽ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ | ᠣᠷᠣᠨ ᠤ ᠰᠢᠦᠳᠠᠨ ᠤ ᠲᠦᠷᠭᠡᠨ ᠬᠦᠷᠭᠡᠬᠦ ᠦᠶᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠬᠤ ᠲᠤᠰᠬᠠᠶ ᠠᠵᠢᠯᠯᠠᠭ᠎ᠠ ᠶᠢᠨ ᠲᠥᠰᠦᠯ︾ ︵ᠳᠣᠷᠣᠭᠰᠢ ︽ᠠᠵᠢᠯᠯᠠᠭᠠᠨ ᠤ ᠲᠥᠰᠦᠯ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ | ᠠᠵᠢᠯᠯᠠᠭ᠎ᠠ ᠶᠢ ᠭᠦᠨᠵᠡᠭᠡᠶ ᠦᠷᠨᠢᠭᠦᠯᠦᠨ᠎ᠡ᠃ | ︽ᠠᠵᠢᠯᠯᠠᠭᠠᠨ ᠤ ᠲᠥᠰᠦᠯ︾ ᠳᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠰᠢᠦᠳᠠᠨ | ᠤ ᠲᠦᠷᠭᠡᠨ ᠬᠦᠷᠭᠡᠬᠦ ᠦᠶᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠲᠥᠪᠯᠡᠷᠡᠭᠦᠯᠦᠨ ᠳᠠᠶᠢᠴᠢᠯᠠᠬᠤ ᠴᠢᠳᠠᠮᠵᠢ ᠲᠠᠢ᠂ ᠣᠷᠣᠨ ᠪᠦᠰᠡ ᠪᠠ ᠠᠵᠤ | ᠦᠶᠯᠡᠰ ᠤᠨ ᠬᠠᠮᠵᠢᠯᠴᠠᠨ ᠬᠦᠭᠵᠢᠬᠦ ᠶᠢ ᠪᠠᠲᠤᠯᠠᠨ ᠲᠤᠯᠭᠠᠭᠤᠷᠢᠯᠠᠬᠤ ᠪᠥᠬᠦ ᠤᠯᠤᠰ ᠤᠨ ᠴᠢᠨᠠᠷᠲᠠᠶ ᠰᠢᠦᠳᠠᠨ ᠤ | ᠲᠦᠷᠭᠡᠨ ᠬᠦᠷᠭᠡᠬᠦ ᠬᠦᠶᠰᠦ ᠶᠢ ᠪᠠᠶᠢᠷᠢᠯᠠᠭᠤᠯᠤᠨ ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠣᠲᠣ | ᠦᠶ᠎ᠡ ᠶᠢᠨ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ | ᠠᠬᠢᠭᠤᠯᠤᠨ᠎ᠠ᠃ ᠭᠤᠤᠯ ᠬᠦᠶᠰᠦ ᠶᠢᠨ ᠪᠥᠬᠦ ᠤᠯᠤᠰ ᠪᠠ ᠣᠷᠣᠨ ᠤ ᠳᠣᠲᠣᠷᠠᠬᠢ ᠰᠢᠭᠤᠳ ᠬᠥᠷᠬᠦ ᠭᠤᠤᠯ | ᠱᠤᠭᠤᠮ ᠳᠤ ᠬᠠᠨᠳᠤᠭᠤᠯᠤᠭᠰᠠᠨ ᠲᠡᠭᠡᠭᠡᠪᠦᠷᠢ ᠶᠢᠨ ᠴᠢᠳᠠᠮᠵᠢ ᠶᠢ ᠴᠢᠩᠭᠠᠷᠠᠭᠤᠯᠵᠤ᠂ ᠥᠪᠥᠷ ᠮᠣᠩᠭᠤᠯ ᠤᠨ ᠵᠡᠭᠦᠨ | ᠬᠡᠰᠡᠭ ᠤᠨ ᠭᠠᠵᠠᠷ ᠣᠷᠣᠨ ᠤ ︽ᠬᠦᠶᠰᠦ + ᠨᠡᠪᠲᠡᠷᠡᠯ ᠵᠠᠮ + ᠲᠣᠤᠷ︾ ᠶᠢᠨ ᠣᠲᠣ ᠦᠶ᠎ᠡ ᠶᠢᠨ ᠲᠦᠷᠭᠡᠨ | ᠬᠦᠷᠭᠡᠯᠲᠡ ᠶᠢᠨ ᠪᠠᠷᠠᠭᠠᠨ ᠤ ᠭᠦᠢᠯᠭᠡᠭᠡ ᠶᠢᠨ ᠰᠢᠰᠲ᠋ᠧᠮᠵᠢ ᠶᠢ ᠲᠤᠯᠭᠠᠭᠤᠷᠢᠯᠠᠨ ᠪᠠᠶᠢᠭᠤᠯᠤᠨ᠎ᠠ᠃ ᠰᠢᠦᠳᠠᠨ ᠤ | ᠲᠦᠷᠭᠡᠨ ᠬᠦᠷᠭᠡᠬᠦ ᠦᠶᠯᠡᠰ ᠬᠢᠭᠡᠳ ᠡᠯᠧᠺᠲᠷᠣᠨ ᠬᠤᠳᠠᠯᠳᠤᠭᠠᠨ ᠤ ᠶᠠᠪᠤᠳᠠᠯ᠂ ᠲᠠᠷᠢᠶᠠᠯᠠᠩ ᠮᠠᠯ ᠠᠵᠤ ᠠᠬᠤᠶ᠂ | ᠦᠶᠯᠡᠳᠬᠦ ᠦᠶᠯᠡᠰ ᠤᠨ ᠵᠣᠬᠢᠴᠠᠯᠳᠤᠨ ᠬᠥᠭᠵᠢᠬᠦ ᠶᠢ ᠴᠢᠩᠭᠠᠷᠠᠭᠤᠯᠵᠤ᠂ ᠬᠠᠩᠭᠠᠯᠭ᠎ᠠ ᠶᠢᠨ ᠬᠡᠯᠬᠢᠶᠡᠰᠦ ᠶᠢᠨ | ᠳᠡᠭᠡᠳᠦ ᠳᠣᠤᠷᠠᠳᠤ ᠬᠡᠯᠬᠢᠶ᠎ᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠬᠦᠴᠦᠨ ᠵᠦᠶᠯ ᠢ ᠬᠠᠮᠲᠤ ᠪᠠᠷ | ᠭᠥᠷᠳᠡᠬᠦ ᠶᠢ ᠠᠬᠢᠭᠤᠯᠤᠨ᠂ ︽ᠢᠯᠡᠭᠡᠵᠦ ᠬᠦᠷᠭᠡᠬᠦ ᠬᠦᠶᠰᠦ + ᠠᠵᠤ ᠦᠶᠯᠡᠰ ᠤᠨ ᠪᠦᠯᠦᠭᠵᠢᠯ︾ ᠤᠨ ᠰᠢᠨ᠎ᠡ | ᠵᠠᠭᠪᠤᠷ ᠢ ᠪᠣᠶ ᠪᠣᠯᠭᠠᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠴᠢᠳᠠᠯ | ᠣᠯᠭᠤᠬᠤ ᠶᠢ ᠴᠢᠩᠭᠠᠳᠬᠠᠵᠤ᠂ ᠠᠵᠢᠯ ᠲᠥᠷᠥᠯ ᠤᠨ ᠲᠣᠭᠠᠴᠢᠯᠠᠵᠤ ᠤᠶᠤᠨᠴᠢᠯᠠᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ ᠭᠡᠵᠦ ᠳᠤᠷᠠᠳᠤᠨ ᠭᠠᠷᠭᠠᠪᠠ᠃ | ︽ᠠᠵᠢᠯᠯᠠᠭᠠᠨ ᠤ ᠲᠥᠰᠦᠯ︾ ᠳᠤ᠂ 2027 ᠣᠨ ᠪᠣᠯᠬᠤ ᠳᠤ᠂ ᠥᠪᠥᠷ ᠮᠣᠩᠭᠤᠯ ᠤᠨ ᠵᠡᠭᠦᠨ ᠬᠡᠰᠡᠭ ᠤᠨ | ᠭᠠᠵᠠᠷ ᠣᠷᠣᠨ ᠤ ᠲᠠᠪᠤᠨ ᠠᠶᠢᠮᠠᠭ ᠬᠤᠲᠠ ᠶᠢᠨ ᠰᠢᠦᠳᠠᠨ ᠤ ᠲᠦᠷᠭᠡᠨ ᠬᠦᠷᠭᠡᠯᠲᠡ ᠶᠢᠨ ᠢᠯᠡᠭᠡᠵᠦ ᠬᠦᠷᠭᠡᠬᠦ | ᠬᠡᠮᠵᠢᠶ᠎ᠡ ᠶᠢ 18 ᠳ᠋ᠦᠩᠰᠢᠭᠤᠷ ᠵᠦᠶᠯ ᠳᠤ ᠬᠦᠷᠭᠡᠵᠦ᠂ ᠰᠢᠦᠳᠠᠨ ᠤ ᠠᠵᠢᠯ ᠲᠥᠷᠥᠯ ᠤᠨ ᠲᠤᠬᠠᠶᠢᠯᠠᠭᠰᠠᠨ ᠠᠵᠢᠯ | ᠤᠨ ᠣᠷᠣᠯᠭ᠎ᠠ ᠶᠢ 50 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ ᠪᠥᠬᠦ ᠤᠯᠤᠰ ᠤᠨ ᠭᠤᠤᠯᠳᠠᠯᠭ᠎ᠠ ᠲᠠᠢ | ᠭᠠᠵᠠᠷ ᠣᠷᠣᠨ ᠲᠡᠶᠢᠰᠢ ᠢᠯᠡᠭᠡᠬᠦ ᠲᠦᠷᠭᠡᠨ ᠬᠦᠷᠭᠡᠯᠲᠡ ᠶᠢᠨ ᠦᠶᠯᠡᠴᠢᠯᠡᠭᠡᠨ ᠤ ᠪᠥᠬᠦ ᠶᠠᠪᠤᠴᠠ ᠶᠢᠨ ᠴᠠᠭ ᠤᠨ | ᠬᠢᠵᠠᠭᠠᠷ ᠢ 72 ᠴᠠᠭ ᠤᠨ ᠳᠣᠲᠣᠷ᠎ᠠ ᠪᠠᠶᠢᠯᠭᠠᠵᠤ᠂ ᠪᠠᠷᠠᠭᠠᠨ ᠤ ᠭᠦᠶᠯᠭᠡᠭᠡ ᠶᠢᠨ ᠦᠨ᠎ᠡ ᠬᠠᠩᠰᠢ ᠶᠢ ᠣᠷᠣᠨ | ᠪᠦᠰᠡ ᠶᠢᠨ ᠬᠤᠭᠤᠷᠣᠨᠳᠣ ᠨᠠᠩ ᠲᠡᠩᠴᠡᠭᠦᠷᠢᠲᠡᠶ ᠪᠣᠯᠭᠠᠵᠤ᠂ ᠰᠢᠦᠳᠠᠨ ᠤ ᠲᠦᠷᠭᠡᠨ ᠬᠦᠷᠭᠡᠯᠲᠡ ᠶᠢᠨ ᠵᠦᠶᠯ ᠤᠨ | ᠲᠡᠭᠡᠭᠡᠪᠦᠷᠢ ᠶᠢᠨ ᠪᠦᠲᠦᠴᠡ ᠶᠢ ᠨᠠᠩ ᠰᠢᠯᠢᠳᠡᠭᠵᠢᠭᠦᠯᠦᠨ᠂ ᠠᠵᠤ ᠦᠶᠯᠡᠰ ᠤᠨ ᠬᠠᠮᠵᠢᠯᠴᠠᠬᠤ ᠴᠢᠳᠠᠪᠤᠷᠢ ᠶᠢ | ᠪᠦᠲᠦᠮᠵᠢᠲᠡᠶ ᠳᠡᠭᠡᠭᠰᠢᠯᠡᠭᠦᠯᠵᠦ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠢᠯᠡᠳᠲᠡ ᠦᠷ᠎ᠡ ᠪᠦᠲᠦᠮᠵᠢ | ᠲᠠᠢ ᠪᠣᠯᠭᠠᠵᠤ᠂ ᠰᠢᠦᠳᠠᠨ ᠤ ᠲᠦᠷᠭᠡᠨ ᠬᠦᠷᠭᠡᠬᠦ ᠦᠶᠯᠡᠰ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ | ᠣᠷᠣᠨ ᠤ ᠪᠥᠬᠦ ᠨᠡᠶᠢᠭᠡᠮ ᠤᠨ ᠪᠠᠷᠠᠭᠠᠨ ᠤ ᠭᠦᠶᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠳᠤᠮᠳᠠᠬᠢ | ᠤᠳᠤᠷᠢᠳᠤᠮᠵᠢ ᠶᠢᠨ ᠴᠢᠨᠠᠷᠲᠠᠶ ᠪᠠ ᠬᠥᠲᠥᠯᠦᠨ ᠵᠢᠯᠣᠭᠤᠳᠬᠤ ᠴᠢᠨᠠᠷᠲᠠᠶ ᠦᠶᠯᠡᠳᠦᠯ ᠢ ᠨᠠᠩ ᠲᠣᠪᠣᠶᠢᠮ᠎ᠠ ᠪᠣᠯᠭᠠᠨ᠎ᠠ | ᠭᠡᠵᠦ ᠲᠣᠳᠣᠷᠬᠠᠶᠢᠯᠠᠪᠠ᠃ |