335 ᠤᠯᠤᠰ ᠤᠨ ᠵᠠᠮ ᠤᠨ ᠬᠥᠬᠡᠪᠦᠷ ᠠᠴᠠ ᠤᠯᠠᠭᠠᠨᠬᠤᠸᠠ ᠬᠦᠷᠬᠦ ᠬᠡᠰᠡᠭ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2025/5/26
    5 ᠳ᠋ᠤᠭᠠᠷ ᠰᠠᠷ᠎ᠠ ᠶᠢᠨ 20 ᠤ ᠡᠳᠦᠷ᠂ 335 ᠤᠯᠤᠰ ᠤᠨ ᠵᠠᠮ ᠤᠨ ᠬᠥᠬᠡᠪᠦᠷ ᠠᠴᠠ ᠤᠯᠠᠭᠠᠨᠬᠤᠸᠠ ᠬᠦᠷᠬᠦ ᠬᠡᠰᠡᠭ ᠲᠡᠷᠭᠡ ᠨᠡᠪᠲᠡᠷᠡᠪᠡ᠃     335 ᠤᠯᠤᠰ ᠤᠨ ᠵᠠᠮ ᠤᠨ ᠬᠥᠬᠡᠪᠦᠷ ᠠᠴᠠ ᠤᠯᠠᠭᠠᠨᠬᠤᠸᠠ ᠬᠥᠷᠬᠦ ᠬᠡᠰᠡᠭ ᠤᠨ ᠵᠠᠰᠠᠮᠠᠯ ᠵᠠᠮ ᠨᠢ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠪᠦᠷ ᠪᠠᠯᠭᠠᠰᠤᠨ ᠤ ᠪᠠᠷᠠᠭᠤᠨ ᠲᠠᠯ᠎ᠠ ᠠᠴᠠ ᠡᠬᠢᠯᠡᠵᠦ᠂ 335 ᠤᠯᠤᠰ ᠤᠨ ᠵᠠᠮ ᠤᠨ ᠵᠢᠨᠢᠩ ᠠᠴᠠ ᠬᠥᠬᠡᠪᠦᠷ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠲᠠᠢ ᠵᠠᠯᠭᠠᠭᠤᠯᠵᠤ᠂ ᠮᠢ ᠯᠢᠶᠠᠩ ᠵᠢᠦᠢ ᠰᠢᠶᠠᠩ᠂ ᠬᠤᠸᠠᠩ ᠶᠠᠩ ᠴᠧᠩ ᠰᠢᠶᠠᠩ᠂ ᠭᠤᠸᠠᠩ ᠢ ᠯᠥᠩ ᠪᠠᠯᠭᠠᠰᠤ᠂ ᠬᠦᠷᠢᠶᠡᠲᠦ ᠪᠠᠯᠭᠠᠰᠤ ᠪᠠᠷ ᠥᠩᠭᠡᠷᠡᠵᠦ᠂ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤ ᠶᠢᠨ 335 ᠤᠯᠤᠰ ᠤᠨ ᠵᠠᠮ ᠪᠣᠯᠤᠨ 209 ᠤᠯᠤᠰ ᠤᠨ ᠵᠠᠮ ᠤᠨ ᠬᠠᠮᠲᠤ ᠶᠢᠨ ᠱᠤᠭᠤᠮ ᠤᠨ ᠬᠡᠰᠡᠭ ᠬᠦᠷᠦᠨ᠎ᠡ᠂ ᠪᠦᠬᠦ ᠤᠷᠲᠤ ᠨᠢ 100.07 ᠺᠢᠯᠣᠮᠧᠲᠷ ᠪᠠᠶᠢᠵᠤ᠂ ᠡᠭᠦᠨ ᠳᠤ 40.67 ᠺᠢᠯᠣᠮᠧᠲᠷ ᠢ ᠰᠢᠨ᠎ᠡ ᠪᠠᠷ ᠪᠠᠶᠢᠭᠤᠯᠤᠨ᠂ ᠤᠤᠯ ᠤᠨ ᠪᠠᠶᠢᠭᠰᠠᠨ ᠬᠠᠭᠤᠴᠢᠨ ᠵᠠᠮ ᠢ 59.4 ᠺᠢᠯᠣᠮᠧᠲᠷ ᠳᠡᠰ ᠳᠡᠪᠰᠢᠭᠦᠯᠦᠨ ᠥᠭᠡᠷᠡᠴᠢᠯᠡᠨ ᠵᠠᠰᠠᠵᠤ᠂ ᠨᠡᠶᠢᠲᠡ 3 ᠰᠠᠭᠤᠷᠢ ᠶᠡᠭᠡ ᠬᠥᠭᠦᠷᠭᠡ᠂ 4 ᠰᠠᠭᠤᠷᠢ ᠳᠤᠮᠳᠠ ᠬᠥᠭᠦᠷᠭᠡ᠂ 21 ᠰᠠᠭᠤᠷᠢ ᠵᠢᠵᠢᠭ ᠬᠥᠭᠦᠷᠭᠡ᠂ 2 ᠰᠠᠭᠤᠷᠢ ᠬᠠᠷᠢᠯᠴᠠᠨ ᠨᠡᠪᠲᠡᠷᠡᠯᠴᠡᠬᠦ ᠵᠦᠷᠢᠯᠢᠭ ᠬᠦᠭᠦᠷᠭᠡ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 26.8314 ᠳ᠋ᠦᠩᠰᠢᠭᠤᠷ ᠲᠥᠭᠦᠷᠢᠭ᠂ ᠪᠦᠬᠦ ᠱᠤᠭᠤᠮ ᠢ ᠬᠤᠣᠰ ᠴᠢᠭᠯᠡᠯᠲᠦ ᠳᠥᠷᠪᠡᠨ ᠲᠡᠷᠭᠡᠨ ᠵᠠᠮ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠲᠦᠭᠡᠨ  ᠪᠠᠶᠢᠭᠤᠯᠪᠠ᠃     ᠲᠣᠰ ᠲᠥᠷᠥᠯ ᠵᠦᠶᠯ ᠢ 2022 ᠣᠨ ᠤ 6 ᠳ᠋ᠤᠭᠠᠷ ᠰᠠᠷ᠎ᠠ ᠠᠴᠠ ᠡᠬᠢᠯᠡᠵᠦ ᠪᠠᠶᠢᠭᠤᠯᠤᠭᠰᠠᠨ ᠠᠴᠠ ᠨᠠᠭᠠᠰᠢ᠂ ᠡᠯ᠎ᠡ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠨᠢ ᠭᠠᠵᠠᠷ ᠰᠢᠨᠵᠢᠯᠡᠭᠡᠨ ᠤ ᠨᠥᠬᠦᠴᠡᠯ ᠪᠤᠳᠤᠯᠢᠶᠠᠨᠲᠠᠶ᠂ ᠠᠭᠤᠷ ᠠᠮᠢᠰᠬᠤᠯ ᠬᠤᠪᠢᠷᠠᠯᠲᠠ ᠶᠡᠬᠡᠲᠡᠶ᠂ ᠪᠠᠷᠢᠯᠭ᠎ᠠ ᠶᠢᠨ ᠬᠤᠭᠤᠴᠠᠭ᠎ᠠ ᠪᠠᠴᠢᠮ ᠪᠠᠶᠢᠬᠤ ᠵᠡᠷᠭᠡ ᠠᠯᠢ ᠣᠯᠠᠨ ᠬᠦᠴᠢᠷᠳᠡᠯ ᠢ ᠢᠯᠡᠨ ᠳᠠᠪᠠᠵᠤ᠂ ᠪᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠶᠠᠰᠤ ᠴᠢᠨᠠᠷ ᠬᠢᠭᠡᠳ ᠠᠮᠤᠷ ᠲᠦᠪᠰᠢᠨ ᠢ ᠴᠢᠩᠭ᠎ᠠ ᠡᠵᠡᠮᠳᠡᠵᠦ᠂ ᠬᠢᠨᠠᠨ ᠬᠠᠮᠢᠶᠠᠷᠬᠤ ᠨᠢᠭᠡᠴᠢ ᠪᠥᠬᠦ ᠶᠠᠪᠤᠴᠠ ᠳᠤ ᠰᠠᠭᠤᠬᠤ ᠵᠢᠯᠤᠭᠤᠳᠴᠤ᠂ ︽ᠨᠢᠭᠡ ᠴᠦ ᠠᠳᠡᠯ ᠭᠠᠷᠤᠭᠰᠠᠨ ᠥᠬᠡᠶ︾ ᠪᠠ ︽ᠬᠢᠷᠢ ᠲᠡᠩᠴᠡᠭᠰᠡᠨ ᠨᠣᠷᠮ᠎ᠠ ᠨᠢ ᠵᠠᠭᠤᠨ ᠤ ᠵᠠᠭᠤ︾ ᠪᠠᠶᠢᠬᠤ ᠬᠤᠤᠰ ᠬᠠᠷᠠᠯᠲᠠ ᠶᠢ ᠪᠡᠶᠡᠯᠡᠭᠦᠯᠵᠦ᠂  ᠪᠠᠷᠢᠯᠭ᠎ᠠ ᠶᠢᠨ ᠤᠷᠤᠭᠰᠢᠲᠠᠶ ᠠᠭᠢᠬᠤ ᠶᠢ ᠦᠨᠡᠨ ᠬᠦ ᠪᠠᠲᠤᠯᠠᠪᠠ᠃ ᠪᠥᠲᠥᠭᠡᠨ ᠪᠠᠶᠢᠭᠤᠯᠬᠤ ᠶᠠᠪᠤᠴᠠ ᠳᠤ᠂ ᠲᠥᠷᠥᠯ ᠵᠦᠶᠯ ᠤᠨ ᠪᠦᠯᠬᠦᠮ ᠨᠡᠶᠢᠲᠡ ᠨᠢ ᠠᠵᠢᠯ  ᠤᠨ ᠬᠤᠭᠤᠴᠠᠭ᠎ᠠ ᠪᠠᠨ ᠲᠣᠩᠭᠤᠷᠤᠭᠤᠯᠤᠨ ᠵᠢᠭᠰᠠᠭᠠᠵᠤ᠂ ᠵᠢᠷᠤᠭ ᠡᠯᠭᠦᠨ ᠠᠵᠢᠯᠯᠠᠵᠤ᠂ ᠪᠠᠷᠢᠯᠭ᠎ᠠ ᠶᠢᠨ ᠠᠵᠢᠯ᠂ ᠮᠠᠰᠢᠨ ᠴᠠᠬᠢᠯᠭᠠᠨ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠠᠵᠢᠯ ᠤᠨ ᠳᠡᠰ ᠳᠠᠷᠠᠭᠠᠯᠠᠯ ᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠵᠦ᠂ ᠰᠢᠨ᠎ᠡ ᠮᠡᠷᠭᠡᠵᠢᠯ᠂ ᠰᠢᠨ᠎ᠡ ᠤᠷ᠎ᠠ ᠮᠡᠷᠭᠡᠰᠢᠯ ᠢ ᠢᠳᠡᠪᠬᠢᠲᠡᠶ ᠬᠡᠷᠡᠭᠯᠡᠨ᠂ ᠪᠠᠷᠢᠯᠭ᠎ᠠ  ᠶᠢᠨ ᠲᠥᠰᠦᠯ ᠢ ᠰᠢᠯᠢᠳᠡᠭᠵᠢᠭᠦᠯᠵᠦ᠂ ᠪᠠᠷᠢᠯᠭ᠎ᠠ ᠶᠢᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠬᠦ ᠶᠢᠨ ᠬᠠᠮᠲᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠬᠤᠯᠠᠴᠢᠯᠠᠵᠤ᠂ ᠵᠠᠮ ᠳᠠᠭᠠᠤ ᠶᠢᠨ ᠪᠠᠶᠢᠭᠠᠯᠢ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃    335 ᠤᠯᠤᠰ ᠤᠨ ᠵᠠᠮ ᠪᠣᠯ ᠮᠠᠨ ᠤ ᠤᠯᠤᠰ ᠤᠨ ᠵᠡᠭᠦᠨᠰᠢ ᠪᠠᠷᠠᠭᠤᠨᠰᠢ ᠬᠥᠨᠳᠡᠯᠡᠨ ᠳᠤᠭᠤᠯᠬᠤ ᠤᠯᠤᠰ ᠤᠨ ᠵᠠᠮ ᠪᠣᠯᠤᠨ᠎ᠠ᠂ ᠾᠧᠪᠸᠢ ᠮᠤᠵᠢ ᠶᠢᠨ ᠴᠧᠩᠳᠧ ᠠᠴᠠ ᠡᠬᠢᠯᠡᠵᠦ᠂ ᠰᠢᠨᠵᠢᠶᠠᠩ ᠤᠨ ᠲᠠᠷᠪᠠᠭᠠᠲᠠᠢ ᠳᠤ ᠬᠦᠷᠴᠦ᠂ ᠵᠠᠮ ᠳᠠᠭᠠᠤ ᠶᠢᠨ ᠡᠯ᠎ᠡ ᠮᠤᠵᠢ᠂ ᠣᠷᠣᠨ ᠤ ᠬᠤᠭᠤᠷᠣᠨᠳᠣᠬᠢ ᠬᠠᠷᠢᠯᠴᠠᠭᠠᠨ ᠤ ᠲᠦᠷᠭᠡᠨ ᠵᠠᠮ ᠪᠣᠯᠤᠭᠰᠠᠨ ᠪᠠᠶᠢᠨ᠎ᠠ᠃ ᠲᠣᠰ ᠲᠥᠷᠥᠯ ᠵᠦᠶᠯ ᠤᠨ ᠲᠡᠷᠭᠡ ᠨᠡᠪᠲᠡᠷᠡᠭᠰᠡᠨ ᠨᠢ ᠤᠯᠠᠭᠠᠨᠴᠠᠪ ᠬᠤᠲᠠ ᠶᠢᠨ ᠪᠠᠷᠠᠭᠤᠨ ᠬᠤᠶᠢᠲᠤ ᠣᠷᠣᠨ ᠤ ᠵᠠᠮ ᠬᠠᠷᠢᠯᠴᠠᠭᠠᠨ ᠤ ᠳᠠᠷᠤᠯᠲᠠ ᠶᠢ ᠪᠦᠲᠦᠮᠵᠢᠲᠡᠶ ᠨᠠᠮᠳᠠᠭᠤᠯᠵᠤ᠂ ᠤᠯᠠᠭᠠᠨᠴᠠᠪ ᠬᠤᠲᠠ ᠶᠢᠨ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠷᠣᠨ ᠪᠦᠰᠡ ᠶᠢᠨ ᠬᠤᠯᠪᠣᠯᠳᠤᠨ ᠨᠡᠪᠲᠡᠷᠡᠯᠴᠡᠬᠦ ᠴᠢᠳᠠᠪᠤᠷᠢ ᠶᠢ ᠨᠡᠮᠡᠭᠳᠡᠭᠦᠯᠬᠦ ᠪᠥᠭᠡᠳ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠪᠠᠷᠠᠭᠠᠨ ᠤ ᠭᠦᠶᠯᠭᠡᠭᠡ ᠪᠠ ᠵᠢᠭᠤᠯᠴᠢᠯᠠᠯ ᠤᠨ ᠵᠠᠮ ᠪᠣᠯᠵᠣ᠂ ᠣᠷᠣᠨ ᠨᠤᠲᠤᠭ ᠤᠨ ᠠᠵᠤ ᠠᠬᠤᠶ ᠨᠡᠶᠢᠭᠡᠮ  ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号