ᠵᠢᠭᠤᠯᠴᠢᠯᠠᠯ ᠤᠨ ᠬᠥᠭᠵᠢᠶᠡᠨᠲᠦ ᠤᠯᠠᠷᠢᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ | ᠲᠣᠭᠤᠷᠢᠭ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ 5 ᠳ᠋ᠤᠭᠠᠷ ᠰᠠᠷ᠎ᠠ ᠶᠢᠨ 21 ᠤ | ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠡᠭᠡᠳᠦ ᠬᠤᠷᠳᠤ ᠶᠢᠨ | ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ | ᠲᠥᠪᠯᠡᠷᠡᠭᠦᠯᠦᠨ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | | | | ᠠᠵᠢᠯᠯᠠᠭ᠎ᠠ ᠶᠢᠨ ᠬᠤᠭᠤᠴᠠᠭᠠᠨ ᠳᠤ᠂ S31 ᠬᠥᠬᠡᠬᠤᠲᠠ ᠠᠴᠠ ᠳ᠋ᠠᠲ᠋ᠦ᠋ᠩ ᠬᠦᠷᠬᠦ ᠳᠡᠭᠡᠳᠦ ᠬᠤᠷᠳᠤ ᠶᠢᠨ | ᠵᠠᠰᠠᠮᠠᠯ ᠵᠠᠮ ᠤᠨ ᠶᠦᠩ ᠱᠧᠩ ᠢᠦᠢ ᠦᠢᠯᠡᠴᠢᠯᠡᠭᠡᠨ ᠤ ᠲᠣᠭᠤᠷᠢᠭ᠂ G6 ᠪᠡᠭᠡᠵᠢᠩ ᠠᠴᠠ ᠲᠥᠪᠡᠳ ᠬᠦᠷᠬᠦ | ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠥᠬᠡᠬᠤᠲᠠ ᠶᠢᠨ ᠪᠠᠷᠠᠭᠤᠨ ᠦᠢᠯᠡᠴᠢᠯᠡᠭᠡᠨ ᠤ ᠲᠣᠭᠤᠷᠢᠭ ᠤᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠵᠦ᠂ | ᠰᠣᠯᠢᠯᠴᠠᠭᠠᠨ ᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 2025 ᠣᠨ ᠤ ᠨᠢᠭᠡᠳᠦᠭᠡᠷ | ᠤᠯᠠᠷᠢᠯ ᠳᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠦᠢᠯᠡᠴᠢᠯᠡᠭᠡᠨ ᠤ ᠶᠠᠰᠤ | ᠴᠢᠨᠠᠷ ᠢ ᠰᠢᠯᠭᠠᠨ ᠦᠨᠡᠯᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠤᠨ | ᠦᠢᠯᠡᠴᠢᠯᠡᠭᠡᠨ ᠤ ᠲᠣᠭᠤᠷᠢᠭ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠦᠢᠯᠡᠴᠢᠯᠡᠭᠡᠨ ᠤ | ᠲᠣᠭᠤᠷᠢᠭ ᠤᠨ ᠠᠵᠢᠯ ᠢ ᠰᠠᠶᠢᠲᠤᠷ ᠬᠢᠬᠦ ᠲᠤᠬᠠᠶ ᠴᠥᠮ ᠲᠣᠳᠣᠷᠬᠠᠶ ᠱᠠᠭᠠᠷᠳᠠᠯᠭ᠎ᠠ ᠲᠠᠯᠪᠢᠵᠤ᠂ ᠡᠯ᠎ᠡ | ᠨᠢᠭᠡᠴᠢ ᠨᠦᠭᠦᠳ ︽ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ | ᠲᠣᠭᠤᠷᠢᠭ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠠᠵᠢᠯᠯᠠᠭᠠᠨ ᠤ ᠲᠥᠰᠦᠯ︾ ᠢ ᠰᠠᠶᠢᠲᠤᠷ | ᠨᠠᠶᠢᠳᠠᠪᠤᠷᠢᠵᠢᠭᠤᠯᠵᠤ᠂ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠤᠬᠠᠮᠰᠠᠷ | ᠪᠠ ᠴᠢᠳᠠᠪᠤᠷᠢ ᠪᠠᠨ ᠴᠢᠩᠭᠠᠳᠬᠠᠵᠤ᠂ ᠨᠠᠷᠢᠨ ᠵᠦᠢᠯᠡᠰ ᠠᠴᠠ ᠭᠠᠷᠳᠠᠵᠤ᠂ ᠡᠷᠡᠭᠦᠯ ᠬᠠᠮᠠᠭᠠᠯᠠᠯ ᠤᠨ ᠠᠨᠠᠢ᠂ | ᠲᠥᠬᠦᠭᠡᠷᠦᠮᠵᠢ ᠲᠡᠭᠦᠯᠳᠡᠷ ᠪᠤᠰᠤ᠂ ᠬᠠᠮᠢᠶᠠᠷᠤᠯᠲᠠ ᠬᠦᠷᠦᠯᠴᠡᠬᠦ ᠦᠭᠡᠢ ᠵᠡᠷᠭᠡ ᠠᠰᠠᠭᠤᠳᠠᠯ ᠢ ᠬᠦᠴᠦᠯᠡᠨ | ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠵᠢᠴᠢ ᠡᠯ᠎ᠡ ᠡᠵᠡᠩᠨᠡᠯᠲᠡ | ᠬᠠᠮᠢᠶᠠᠷᠤᠯᠲᠠ ᠶᠢᠨ ᠨᠢᠭᠡᠴᠢ ᠶᠢᠨ ᠬᠢᠨ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠰᠠᠭᠤᠷᠢ | ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢᠶᠠᠨ | ᠳᠡᠭᠡᠭᠰᠢᠯᠡᠭᠦᠯᠵᠦ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠪᠠ ᠠᠵᠤ ᠠᠬᠤᠶᠢᠯᠠᠯ ᠤᠨ ᠠᠵᠤ ᠠᠬᠤᠢ ᠶᠢᠨ | ᠠᠰᠢᠭ ᠣᠷᠣᠯᠭ᠎ᠠ ᠶᠢᠨ ᠨᠡᠮᠡᠭᠳᠡᠯ ᠤᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ᠃ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠳᠠᠯᠢ ᠰᠡᠳᠦᠪ ᠢ ᠬᠠᠮᠲᠤ ᠪᠠᠷ ᠬᠠᠷᠢᠭᠤᠯᠵᠤ᠂ ᠨᠡᠶᠢᠯᠡᠮᠡᠯ ᠬᠦᠴᠦᠨ ᠢ | ᠪᠦᠷᠢᠯᠳᠦᠭᠦᠯᠦᠨ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠢᠨᠠᠯᠲᠠ ᠲᠠᠯᠪᠢᠬᠤ ᠲᠣᠭᠲᠠᠴᠠ ᠶᠢᠨ ᠥᠨᠳᠥᠷ | ᠦᠷ᠎ᠡ ᠪᠦᠲᠦᠮᠵᠢᠲᠡᠶ ᠪᠠᠷ ᠠᠵᠢᠯᠯᠠᠬᠤ ᠶᠢ ᠦᠨᠡᠨᠬᠦ ᠪᠠᠲᠤᠯᠠᠵᠤ᠂ ᠡᠯ᠎ᠡ ᠭᠠᠵᠠᠷ ᠡᠯ᠎ᠡ ᠨᠢᠭᠡᠴᠢ ᠨᠦᠭᠦᠳ ᠠᠵᠢᠯ ᠤᠨ | ᠨᠠᠶᠢᠳᠠᠪᠤᠷᠢᠵᠢᠭᠤᠯᠤᠯᠲᠠ ᠶᠢ ᠨᠠᠷᠢᠯᠢᠭ ᠠᠴᠠ ᠨᠠᠷᠢᠯᠢᠭ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃ | ᠶᠠᠷᠢᠯᠴᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠭᠠᠵᠠᠷ ᠤᠨ ᠬᠠᠷᠢᠭᠤᠴᠠᠯᠭᠠᠲᠠᠨ᠂ ᠬᠥᠬᠡᠬᠤᠲᠠ᠂ ᠤᠯᠠᠭᠠᠨᠴᠠᠪ ᠬᠤᠲᠠ᠂ | ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ | ᠨᠠᠷ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠡᠯ᠎ᠡ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠵᠡᠩᠨᠡᠯᠲᠡ | ᠬᠠᠮᠢᠶᠠᠷᠤᠯᠲᠠ ᠶᠢᠨ ᠨᠢᠭᠡᠴᠢ ᠵᠢᠴᠢ ᠲᠢᠩᠬᠢᠮ ᠤᠨ ᠬᠠᠮᠢᠶ᠎ᠠ ᠪᠥᠬᠦᠶ ᠭᠠᠵᠠᠷ ᠲᠠᠰᠤᠭ᠂ ᠲᠢᠩᠬᠢᠮ ᠤᠨ ᠰᠢᠭᠤᠳ | ᠬᠠᠷᠢᠶ᠎ᠠ ᠨᠢᠭᠡᠴᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠠᠷ ᠶᠠᠷᠢᠯᠴᠠᠬᠤ ᠬᠤᠷᠠᠯ ᠳᠤ ᠣᠷᠣᠯᠴᠠᠪᠠ᠃ | |