2024 ᠣᠨ ᠠᠴᠠ ᠨᠠᠭᠠᠰᠢ᠂ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ︽ᠥᠪᠡᠷᠲᠡᠭᠡᠨ ᠵᠠᠰᠠᠬᠤ ᠣᠷᠣᠨ ᠤ ᠲᠤᠤᠷ᠎ᠠ ᠠᠭᠠᠷ ᠤᠨ ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠶ | ᠬᠥᠭᠵᠢᠯᠲᠡ ᠶᠢᠨ ᠬᠡᠷᠡᠭᠵᠢᠭᠦᠯᠬᠦ ᠲᠥᠰᠦᠯ ︵2024 - 2027 ᠣᠨ︶︾᠂ ︽ᠥᠪᠡᠷᠲᠡᠭᠡᠨ ᠵᠠᠰᠠᠬᠤ ᠣᠷᠣᠨ ᠤ | ᠲᠤᠤᠷ᠎ᠠ ᠠᠭᠠᠷ ᠤᠨ ᠣᠷᠣᠨ ᠪᠦᠰᠡ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ | ᠭᠦᠨᠵᠡᠭᠡᠶ ᠨᠠᠶᠢᠳᠠᠪᠤᠷᠢᠵᠢᠭᠤᠯᠵᠤ᠂ ᠳᠣᠤᠷ᠎ᠠ ᠠᠭᠠᠷ ᠤᠨ ᠪᠠᠷᠠᠭᠠᠨ ᠤ ᠭᠦᠢᠯᠭᠡᠭᠡᠨ ᠤ ᠰᠠᠭᠤᠷᠢ ᠲᠦᠭᠦᠭᠡᠷᠦᠮᠵᠢ ᠶᠢ | ᠲᠡᠭᠦᠯᠳᠡᠷᠵᠢᠭᠦᠯᠦᠨ᠂ ᠳᠣᠤᠷ᠎ᠠ ᠠᠭᠠᠷ ᠤᠨ ᠪᠠᠷᠠᠭᠠᠨ ᠤ ᠭᠦᠢᠯᠭᠡᠭᠡᠨ ᠤ ᠣᠯᠠᠨ ᠡᠰᠢᠲᠦ ᠪᠠᠶᠢᠳᠠᠯ ᠢ ᠢᠳᠡᠪᠬᠢᠲᠡᠶ | ᠨᠡᠭᠡᠭᠡᠨ ᠬᠥᠭᠵᠢᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃ | | | | 2025 ᠣᠨ ᠳᠤ ᠪᠥᠬᠦ ᠠᠶᠢᠮᠠᠭ ᠢᠶᠠᠷ ᠢᠶᠠᠨ ᠵᠢᠯᠣᠭᠤᠴᠢ ᠥᠬᠡᠶ ᠨᠢᠰᠬᠡᠯ ᠤᠨ ᠨᠢᠰᠴᠦ ᠪᠠᠭᠤᠬᠤ 44 | ᠲᠠᠯᠠᠪᠠᠶ ᠶᠢᠨ ᠴᠡᠭ ᠢ ᠪᠠᠶᠢᠷᠢᠰᠢᠭᠤᠯᠬᠤ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 12 ᠢ ᠪᠠᠶᠢᠭᠤᠯᠵᠤ᠂ 32 | ᠶᠠᠭ ᠲᠦᠷᠭᠡᠨ ᠠᠬᠢᠭᠤᠯᠵᠤ ᠪᠠᠶᠢᠨ᠎ᠠ᠃ ᠡᠯ᠎ᠡ ᠬᠤᠰᠢᠭᠤ ᠲᠣᠭᠤᠷᠢᠭ ᠭᠠᠵᠠᠷ ᠣᠷᠣᠨ ᠤ ᠪᠠᠶᠢᠳᠠᠯ ᠳᠤ ᠪᠠᠨ | ᠲᠤᠬᠢᠷᠠᠭᠤᠯᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠯᠠᠱᠠ ᠵᠡᠭᠦᠨ ᠬᠤᠰᠢᠭᠤᠨ ᠤ ᠬᠢᠨ ᠵᠢᠯᠣᠭᠤᠴᠢ | ᠥᠬᠡᠶ ᠨᠢᠰᠬᠡᠯ ᠤᠨ ᠨᠢᠰᠴᠦ ᠪᠠᠭᠤᠬᠤ ᠴᠡᠭ ᠢ 5 ᠪᠠᠶᠢᠭᠤᠯᠬᠤ ᠪᠠᠷ ᠲᠥᠯᠥᠪᠯᠡᠵᠦ᠂ ᠡᠭᠦᠨ ᠳᠤ ᠪᠠᠶᠠᠨᠬᠤᠲᠠ | ᠪᠠᠯᠭᠠᠰᠤᠨ ᠤ ᠪᠠᠷᠠᠭᠤᠨ ᠬᠤᠲᠠ ᠶᠢᠨ ᠲᠣᠭᠤᠷᠢᠭ ᠤᠨ ᠠᠵᠤ ᠦᠢᠯᠡᠳᠪᠦᠷᠢ ᠶᠢᠨ ᠦᠢᠯᠡᠴᠢᠯᠡᠭᠡᠨ ᠤ ᠨᠢᠰᠴᠦ ᠪᠠᠭᠤᠬᠤ | ᠴᠡᠭ ᠪᠠ ᠲᠠᠢ ᠰᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠢᠰᠴᠦ ᠪᠠᠭᠤᠬᠤ ᠴᠡᠭ ᠢ ᠨᠢᠭᠡᠨᠲᠡ | ᠳᠠᠭᠤᠰᠬᠠᠵᠤ᠂ ᠦᠯᠡᠳᠡᠭᠰᠡᠨ 3 ᠭᠠᠵᠠᠷ ᠨᠢ ᠭᠠᠵᠠᠷ ᠰᠣᠩᠭᠤᠨ ᠬᠠᠶᠢᠨ ᠪᠠᠶᠢᠴᠠᠭᠠᠵᠤ ᠳᠠᠭᠤᠰᠬᠠᠬᠤ ᠶᠢᠨ ᠬᠠᠮᠲᠤ | ᠲᠥᠯᠥᠪᠯᠡᠭᠡ ᠶᠣᠰᠣᠭᠠᠷ ᠳᠥᠯᠭᠢᠨ ᠠᠬᠢᠭᠤᠯᠵᠤ ᠪᠣᠶ︔ ᠠᠯᠠᠱᠠ ᠪᠠᠷᠠᠭᠤᠨ ᠬᠤᠰᠢᠭᠤᠨ ᠤ ᠲᠥᠯᠥᠪᠵᠢᠭᠦᠯᠦᠨ | ᠪᠦᠲᠦᠭᠡᠨ ᠪᠠᠶᠢᠭᠤᠯᠤᠭᠰᠠᠨ ᠵᠢᠯᠣᠭᠤᠴᠢ ᠥᠬᠡᠶ ᠨᠢᠰᠬᠡᠯ ᠤᠨ ᠨᠢᠰᠴᠦ ᠪᠠᠭᠤᠬᠤ 10 ᠴᠡᠭ ᠢ ᠪᠦᠬᠦᠨ ᠢ ᠪᠠᠶᠢᠭᠤᠯᠵᠤ | ᠳᠠᠭᠤᠰᠬᠠᠪᠠ︔ ᠡᠵᠡᠨ᠎ᠡ ᠬᠤᠰᠢᠭᠤ ᠵᠢᠯᠣᠭᠤᠴᠢ ᠥᠬᠡᠶ ᠨᠢᠰᠬᠡᠯ ᠤᠨ ᠨᠢᠰᠴᠦ ᠪᠠᠭᠤᠬᠤ ᠴᠡᠭ ᠢ 19 ᠪᠠᠶᠢᠭᠤᠯᠬᠤ ᠪᠠᠷ | ᠲᠥᠯᠥᠪᠯᠡᠵᠦ᠂ ᠣᠳᠣᠬᠠᠨ ᠳᠤ ᠡᠯ᠎ᠡ ᠲᠥᠷᠥᠯ ᠵᠦᠢᠯ ᠢ ᠡᠮᠬᠢ ᠵᠢᠷᠤᠮ ᠲᠠᠢ ᠳᠥᠯᠭᠢᠨ ᠠᠬᠢᠭᠤᠯᠵᠤ ᠪᠣᠶ︔ | ᠬᠤᠶᠠᠷᠬᠤᠳᠳᠤᠭ ᠤᠨ ᠠᠮᠢ ᠠᠬᠤᠶ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ 10 ᠳᠣᠤᠷ᠎ᠠ | ᠠᠭᠠᠷ ᠤᠨ ᠨᠢᠰᠦᠭᠦᠷ ᠤᠨ ᠨᠢᠰᠴᠦ ᠪᠠᠭᠤᠬᠤ ᠴᠡᠭ ᠢ ᠪᠠᠶᠢᠭᠤᠯᠬᠤ ᠪᠠᠷ ᠲᠥᠯᠥᠪᠯᠡᠵᠦ᠂ ᠣᠳᠣᠬᠠᠨ ᠳᠤ ᠶᠠᠭ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ ᠰᠣᠩᠭᠤᠬᠤ ᠬᠠᠶᠢᠨ ᠪᠠᠶᠢᠴᠠᠭᠠᠯᠲᠠ ᠶᠢ | ᠥᠷᠨᠢᠭᠦᠯᠵᠦ ᠪᠠᠶᠢᠨ᠎ᠠ᠃ | | | | ᠡᠭᠦᠨ ᠳᠤ ᠠᠯᠠᠱᠠ ᠪᠠᠷᠠᠭᠤᠨ ᠬᠤᠰᠢᠭᠤ ᠵᠢᠯᠣᠭᠤᠴᠢ ᠥᠬᠡᠶ ᠨᠢᠰᠬᠡᠯ ᠤᠨ ᠨᠢᠰᠴᠦ ᠪᠠᠭᠤᠬᠤ ᠴᠡᠭ ᠲᠤ | ᠲᠦᠰᠢᠭᠯᠡᠨ᠂ ᠪᠠᠷᠠᠭᠤᠨ ᠬᠤᠶᠢᠲᠤ ᠣᠷᠣᠨ ᠤ ᠠᠩᠬᠠᠳᠠᠭᠴᠢ ᠡᠯᠡᠰᠦᠨ ᠴᠦᠯ ᠤᠨ ᠵᠢᠯᠣᠭᠤᠴᠢ ᠥᠬᠡᠶ ᠨᠢᠰᠬᠡᠯ ᠤᠨ | ᠲᠡᠮᠡᠭᠡᠨ ᠰᠦ ᠵᠥᠭᠡᠭᠡᠪᠦᠷᠢᠯᠡᠬᠦ ᠲᠤᠷᠰᠢᠯᠲᠠ ᠶᠢᠨ ᠵᠠᠮ ᠢ ᠨᠢᠭᠡᠨᠲᠡ ᠪᠠᠶᠢᠭᠤᠯᠵᠤ᠂ ᠱᠦᠨ ᠹᠧᠩ ᠪᠦᠯᠦᠭᠯᠡᠯ᠂ | ᠮᠧᠩ ᠢ ᠠᠭᠠᠷ ᠤᠨ ᠠᠶᠠᠯᠠᠯ ᠵᠡᠷᠭᠡ ᠠᠵᠤ ᠠᠬᠤᠶᠢᠯᠠᠯ ᠲᠠᠢ ᠬᠠᠮᠲᠤᠷᠠᠨ 3 ᠲᠥᠷᠥᠯ ᠤᠨ ᠨᠢᠰᠬᠡᠯ ᠤᠨ ᠬᠡᠯᠪᠡᠷᠢ ᠶᠢᠨ | ᠲᠣᠬᠢᠷᠠᠭᠤᠯᠤᠯᠲᠠ ᠶᠢᠨ ᠰᠢᠯᠭᠠᠯᠲᠠ ᠶᠢ ᠪᠡᠶᠡᠯᠡᠭᠦᠯᠵᠦ᠂ 3 ᠡᠷᠦᠬᠡ ᠮᠠᠯᠴᠢᠳ ᠲᠤ ᠵᠢᠯᠣᠭᠤᠴᠢ ᠥᠬᠡᠶ ᠨᠢᠰᠬᠡᠯ ᠤᠨ | ᠲᠡᠮᠡᠭᠡᠨ ᠰᠦ ᠵᠥᠭᠡᠭᠡᠪᠦᠷᠢᠯᠡᠬᠦ ᠠᠵᠢᠯ ᠢ 20 ᠤᠳᠠᠭ᠎ᠠ ᠥᠷᠨᠢᠭᠦᠯᠵᠦ᠂ 113KG ᠵᠥᠭᠡᠭᠡᠪᠦᠷᠢᠯᠡᠵᠦ᠂ ᠲᠡᠮᠡᠭᠡᠨ | ᠰᠦ ᠶᠢᠨ ᠲᠡᠭᠡᠭᠡᠪᠦᠷᠢ ᠶᠢᠨ ᠬᠦᠴᠦᠨ ᠲᠠᠢ ᠬᠤᠭᠤᠴᠠᠭ᠎ᠠ ᠨᠢ ᠤᠯᠠᠮᠵᠢᠯᠠᠯᠲᠤ ᠠᠷᠭ᠎ᠠ ᠬᠡᠯᠪᠡᠷᠢ ᠠᠴᠠ 60% ᠪᠠᠷ | ᠳᠡᠭᠡᠭᠰᠢᠯᠡᠵᠦ᠂ ᠮᠠᠯᠵᠢᠬᠤ ᠣᠷᠣᠨ ᠤ ᠪᠠᠷᠠᠭᠠᠨ ᠤ ᠭᠦᠢᠯᠭᠡᠭᠡᠨ ᠤ ᠦᠷ᠎ᠡ ᠪᠦᠲᠦᠮᠵᠢ ᠶᠢᠨ ᠰᠢᠪᠲᠤᠯᠤᠯᠲᠠ ᠶᠢᠨ | ᠴᠢᠨᠠᠷᠲᠠᠶ ᠳᠡᠭᠡᠭᠰᠢᠯᠡᠯᠲᠡ ᠶᠢ ᠪᠡᠶᠡᠯᠡᠭᠦᠯᠵᠦ᠂ ᠠᠯᠠᠱᠠ ᠶᠢᠨ ᠲᠡᠮᠡᠭᠡᠨ ᠰᠦ ᠶᠢᠨ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | | | | ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠥᠷᠥ ᠶᠢᠨ ᠪᠣᠳᠣᠯᠭ᠎ᠠ ᠶᠢᠨ | ᠵᠢᠯᠣᠭᠤᠳᠣᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠲᠤᠤᠷ᠎ᠠ ᠠᠭᠠᠷ ᠤᠨ ᠠᠵᠤ ᠠᠬᠤᠶ ᠶᠢᠨ ᠡᠭᠦᠷᠭᠡ ᠶᠢᠨ | ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠵᠤ᠂ ᠵᠢᠯᠣᠭᠤᠴᠢ ᠥᠬᠡᠶ ᠨᠢᠰᠬᠡᠯ ᠤᠨ ᠨᠢᠰᠴᠦ ᠪᠠᠭᠤᠬᠤ ᠴᠡᠭ ᠤᠨ | ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢ ᠲᠦᠷᠭᠡᠳᠬᠡᠨ᠂ ᠬᠡᠷᠡᠭᠯᠡᠭᠡᠨ ᠤ ᠪᠠᠶᠢᠳᠠᠯ ᠢ | ᠲᠠᠰᠤᠷᠠᠯᠲᠠ ᠥᠬᠡᠶ ᠰᠢᠨᠡᠴᠢᠯᠡᠵᠦ᠂ ᠠᠵᠤ ᠦᠢᠯᠡᠰ ᠤᠨ ᠬᠦᠴᠦᠨ ᠢ ᠨᠢᠭᠲᠠᠷᠠᠭᠤᠯᠤᠨ᠂ ᠲᠤᠤᠷ᠎ᠠ ᠠᠭᠠᠷ ᠤᠨ | ᠪᠠᠷᠠᠭᠠᠨ ᠤ ᠭᠦᠢᠯᠭᠡᠭᠡ ᠶᠢ ᠲᠥᠪᠯᠡᠷᠡᠭᠦᠯᠦᠨ᠂ ᠠᠯᠠᠱᠠ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠬᠥᠳᠡᠯᠭᠡᠬᠦ ᠡᠨᠧᠷᠭᠢ ᠨᠡᠮᠡᠷᠢᠯᠡᠬᠦ ᠪᠤᠯᠤᠨ᠎ᠠ᠃ ︵ᠪᠣᠶ᠋ᠬᠠᠦ᠋ᠨᠳᠦᠷ︶ |