︽ᠨᠢᠭᠡᠳᠦᠯᠲᠡᠶ ᠪᠥᠭᠡᠳ ᠨᠡᠭᠡᠭᠡᠯᠲᠡ ᠲᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠦᠷᠭᠡᠳᠬᠡᠨ | ᠪᠠᠶᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ | ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ 5 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 8 ᠰᠠᠯᠠᠭ᠎ᠠ ᠮᠥᠴᠢᠷ ᠬᠠᠮᠲᠤᠷᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠨᠢᠭᠡᠳᠦᠯᠲᠡᠶ ᠪᠥᠭᠡᠳ ᠨᠡᠭᠡᠭᠡᠯᠲᠡ ᠲᠠᠢ ᠵᠠᠮ ᠬᠠᠷᠢᠯᠴᠠᠭ᠎ᠠ | ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠬᠤ ᠲᠤᠬᠠᠶ ᠰᠠᠨᠠᠯ﹀ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠡᠭᠦᠷᠭᠡ ᠶᠢᠨ ᠨᠠᠷᠢᠨ ᠬᠠᠭᠤᠳᠠᠰᠤ︾ ︵ᠳᠣᠷᠣᠭᠰᠢ ︽ᠡᠭᠦᠷᠭᠡ ᠶᠢᠨ ᠨᠠᠷᠢᠨ ᠬᠠᠭᠤᠳᠠᠰᠤ︾ | ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ | ︽ᠡᠭᠦᠷᠭᠡ ᠶᠢᠨ ᠨᠠᠷᠢᠨ ᠬᠠᠭᠤᠳᠠᠰᠤ︾ ᠨᠢ ᠲᠥᠷᠥ ᠶᠢᠨ ᠪᠣᠳᠣᠯᠭ᠎ᠠ ᠶᠢᠨ ᠴᠢᠭᠯᠡᠯ ᠢ ᠴᠢᠩᠭ᠎ᠠ ᠳᠠᠭᠠᠵᠤ᠂ | ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ 69 ᠵᠤᠷᠪᠤᠰ ᠪᠣᠳᠠᠲᠠᠶ ᠠᠷᠭ᠎ᠠ ᠬᠡᠮᠵᠢᠶ᠎ᠡ ᠶᠢ | ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠣᠷᠣᠨ ᠪᠦᠰᠡ ᠠᠯᠤᠰᠯᠠᠨ | ᠨᠢᠭᠡᠳᠦᠯᠲᠡᠶ ᠲᠥᠯᠥᠪᠯᠡᠨ ᠪᠠᠶᠢᠷᠢᠰᠢᠭᠤᠯᠬᠤ᠂ ᠠᠷᠭ᠎ᠠ ᠮᠠᠶ᠋ᠢᠭ ᠠᠯᠤᠰᠯᠠᠨ ᠨᠢᠭᠡ ᠴᠣᠭᠴᠠᠵᠢᠭᠤᠯᠤᠨ ᠵᠣᠯᠭᠠᠭᠤᠯᠬᠤ᠂ | ᠬᠦᠷᠢᠶ᠎ᠡ ᠴᠠᠷᠠᠭ᠎ᠠ ᠠᠯᠤᠰᠯᠠᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠨᠢᠭᠡᠳᠦᠯᠲᠡᠶ ᠪᠥᠭᠡᠳ ᠨᠡᠭᠡᠭᠡᠯᠲᠡ ᠲᠠᠢ ᠵᠠᠮ | ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ | ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠬᠠᠩᠭᠠᠬᠤ ᠪᠠᠷ | ᠬᠦᠴᠦᠯᠡᠨ ᠴᠢᠷᠮᠠᠶᠢᠨ᠎ᠠ᠃ | ︽ᠡᠭᠦᠷᠭᠡ ᠶᠢᠨ ᠨᠠᠷᠢᠨ ᠬᠠᠭᠤᠳᠠᠰᠤ︾ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠳᠠᠯᠭ᠎ᠠ ᠲᠠᠢ | ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠠᠮᠵᠢᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠪᠠᠷᠢᠮᠵᠢᠶ᠎ᠠ ᠪᠠ ᠪᠦᠷᠢᠳᠬᠡᠵᠦ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠦᠨ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠦᠷᠢᠶᠡᠨ ᠳᠠᠬᠢ ᠠᠶᠠᠨᠳᠠᠭᠠᠨ ᠤ ᠭᠠᠭᠴᠠᠭᠠᠷ ᠡᠵᠡᠮᠰᠢᠯ ᠤᠨ ᠭᠤᠭᠴᠤᠭ᠎ᠠ ᠶᠢᠨ ᠥᠭᠡᠷᠡᠴᠢᠯᠡᠯᠲᠡ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠠᠵᠢᠯᠯᠠᠭᠠᠨ ᠤ | ᠰᠢᠰᠲ᠋ᠧᠮ ᠢ ᠪᠦᠷᠢᠨᠰᠢᠬᠦᠯᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠦᠭᠡᠢ ᠤᠶᠤᠨᠴᠢ ᠲᠡᠶᠢᠰᠢ ᠬᠡᠯᠪᠡᠷᠢ | ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ | ᠲᠦᠪᠰᠢᠨ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠨᠡᠩ ᠥᠨᠳᠥᠷ ᠲᠦᠪᠰᠢᠨ ᠪᠦᠬᠦᠢ | ᠭᠠᠳᠠᠭᠰᠢ ᠨᠡᠭᠡᠭᠡᠯᠲᠡ ᠶᠢ ᠲᠦᠯᠬᠢᠨ ᠠᠬᠢᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ ᠪᠠ ᠤᠬᠤᠷᠢᠨ ᠭᠠᠷᠬᠤ ᠲᠦᠷᠢᠮ ᠢ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠬᠦᠷᠢᠶᠡᠨ | ᠳᠠᠬᠢ ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠣᠷᠣᠨ ᠪᠦᠰᠡ ᠶᠢᠨ ᠪᠠᠬᠢᠯᠡᠯᠲᠡ ᠪᠠ ᠵᠠᠬ᠎ᠠ | ᠳᠡᠯᠭᠡᠭᠦᠷ ᠤᠨ ᠬᠡᠰᠡᠭᠯᠡᠯ ᠢ ᠡᠪᠳᠡᠵᠦ᠂ ᠡᠯ᠎ᠡ ᠲᠦᠷᠦᠯ ᠤᠨ ᠡᠵᠡᠩᠨᠡᠯᠲᠡ ᠶᠢᠨ ᠪᠡᠶᠡᠴᠢ ᠴᠣᠭᠴᠠ ᠳᠤ ᠬᠠᠤᠯᠢ | ᠶᠣᠰᠣᠭᠠᠷ ᠡᠷᠬᠡ ᠲᠡᠭᠰᠢ ᠪᠠᠷ ᠬᠠᠨᠳᠤᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ | ᠶᠢᠨ ᠵᠠᠬ᠎ᠠ ᠳᠡᠯᠭᠡᠭᠦᠷ ᠤᠨ ᠭᠠᠵᠠᠷ ᠰᠢᠷᠣᠶ᠂ ᠠᠭᠠᠷ ᠤᠨ ᠣᠷᠣᠨ ᠪᠦᠰᠡ ᠵᠡᠷᠭᠡ ᠬᠦᠴᠦᠨ ᠵᠦᠶᠯ ᠤᠨ ᠡᠬᠢ ᠪᠠᠶᠠᠯᠢᠭ | ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠠᠯᠠ ᠮᠥᠩᠭᠦ ᠶᠢᠨ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠂ ᠲᠤᠭ᠎ᠠ ᠪᠠᠷᠢᠮᠲᠠ ᠪᠠ ᠮᠡᠷᠭᠡᠵᠢᠯ ᠤᠨ ᠬᠦᠴᠦᠨ ᠴᠢᠳᠠᠯ ᠣᠯᠭᠤᠭᠰᠠᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠥᠭᠵᠢᠯᠲᠡ ᠶᠢ ᠠᠬᠢᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠳᠦᠷᠢᠮ ᠲᠣᠭᠲᠠᠭᠠᠯ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠳᠦᠷᠢᠮ ᠲᠣᠭᠲᠠᠴᠠ | ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠪᠠ ᠵᠦᠢ ᠪᠤᠰᠤ ᠥᠷᠢᠰᠥᠯᠳᠦᠭᠡᠨ | ᠢ ᠡᠰᠡᠷᠭᠦᠴᠡᠬᠦ ᠶᠢ ᠴᠢᠩᠭᠠᠷᠠᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠡᠷᠡᠭᠯᠡᠭᠴᠢᠳ ᠪᠠ ᠠᠵᠢᠯ ᠡᠷᠬᠢᠯᠡᠭᠰᠡᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠨᠥᠬᠦᠴᠡᠯ ᠪᠦᠷᠢᠯᠳᠦᠭᠦᠯᠦᠭᠰᠡᠨ ᠭᠠᠵᠠᠷ ᠣᠷᠣᠨ ᠢ | ᠵᠣᠷᠢᠭᠵᠢᠭᠤᠯᠵᠤ᠂ ᠣᠷᠣᠨ ᠪᠦᠰᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠨᠢᠭᠡ | ᠴᠣᠭᠴᠠᠵᠢᠭᠤᠯᠬᠤ ᠪᠠᠶᠢᠭᠤᠯᠤᠯᠲᠠ ᠶᠢᠨ ᠤᠷᠢᠳᠠᠪᠠᠷ ᠬᠢᠵᠦ ᠤᠷᠢᠳᠠᠪᠠᠷ ᠲᠤᠷᠰᠢᠬᠤ ᠠᠵᠢᠯ ᠢ ᠢᠳᠡᠪᠬᠢᠲᠡᠶ ᠪᠠᠷ | ᠰᠦᠪᠡᠭᠴᠢᠯᠡᠨ᠎ᠡ ᠭᠡᠵᠦ ᠳᠤᠷᠠᠳᠤᠨ ᠭᠠᠷᠭᠠᠪᠠ᠃ |