ᠨᠢᠰᠬᠡᠯ ᠤᠨ ᠪᠠᠭᠤᠳᠠᠯ ᠤᠨ ᠬᠠᠵᠠᠭᠤ ᠳᠤ 5A ᠲᠠᠰ ᠤᠨ ᠦᠵᠡᠮᠵᠢ ᠶᠢᠨ ᠣᠷᠣᠨ ᠪᠣᠯᠣᠨ᠎ᠠ  ᠣᠶᠢᠷ᠎ᠠ ᠵᠠᠮ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠵᠢᠩᠬᠢᠨᠢ ᠪᠠᠷ ᠨᠡᠪᠲᠡᠷᠡᠪᠡ
ᠨᠡᠶᠢᠲᠡᠯᠡᠭᠰᠡᠨ ᠴᠠᠭ᠄
2025/5/29
    5 ᠳ᠋ᠤᠭᠠᠷ ᠰᠠᠷ᠎ᠠ ᠶᠢᠨ 25 ᠤ ᠡᠳᠦᠷ᠂ ᠴᠢᠩ ᠱᠦᠶ ᠾᠧ— ᠬᠥᠬᠡᠬᠤᠲᠠ ᠶᠢᠨ ᠣᠶᠢᠷ᠎ᠠ ᠵᠠᠮ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠵᠢᠩᠬᠢᠨᠢ ᠪᠠᠷ ᠠᠶᠠᠯᠠᠯ ᠨᠡᠪᠲᠡᠷᠡᠪᠡ᠃ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠨᠠᠶᠢᠳᠠᠨ ᠬᠠᠮᠢᠶᠠᠷᠤᠭᠤᠯᠤᠭᠰᠠᠨ ᠠᠩᠬᠠᠳᠠᠭᠴᠢ A1 ᠲᠥᠷᠥᠯ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯᠤᠭᠰᠠᠨ ᠤ ᠬᠤᠪᠢ ᠳᠤ᠂ ᠴᠢᠩ ᠱᠦᠶ ᠾᠧ ᠶᠢᠨ ᠯᠣᠤ ᠨᠢᠤ ᠸᠠᠨ ᠨᠢᠰᠬᠡᠯ ᠤᠨ ᠪᠠᠭᠤᠳᠠᠯ ᠤᠨ ᠣᠶᠢᠷ᠎ᠠ ᠵᠠᠮ ᠤᠨ ᠲᠡᠭᠡᠭᠡᠪᠦᠷᠢ ᠶᠢᠨ ᠠᠭᠠᠷ ᠤᠨ ᠠᠶᠠᠯᠠᠯ ᠤᠨ ᠱᠤᠭᠤᠮ ᠨᠢ ᠬᠥᠬᠡᠬᠤᠲᠠ ᠶᠢᠨ ᠬᠡᠪᠴᠢᠶᠡᠨ ᠤ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠲᠣᠤᠷ ᠤᠨ ᠪᠠᠶᠢᠭᠤᠯᠤᠯᠲᠠ ᠴᠣ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ᠂ ᠬᠥᠬᠡᠬᠤᠲᠠ ᠶᠢᠨ ᠴᠣᠷ ᠤᠨ ᠭᠠᠭᠴᠠ 5A ᠲᠠᠰ ᠤᠨ ᠦᠵᠡᠮᠵᠢ  ᠶᠢᠨ ᠣᠷᠣᠨ — — ᠯᠣᠤ ᠨᠢᠤ ᠸᠠᠨ ᠤ ᠬᠠᠲᠤᠨ ᠭᠤᠤᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠳᠤ ᠲᠤᠰᠬᠠᠶ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠦᠶᠯᠡᠴᠢᠯᠡᠭᠡ ᠬᠠᠩᠭᠠᠬᠤ ᠪᠣᠯᠤᠨ᠎ᠠ᠃
0529-1.jpg
    ᠣᠶᠢᠯᠠᠭᠠᠭᠰᠠᠨ ᠢᠶᠠᠷ᠂ ᠬᠥᠬᠡᠬᠤᠲᠠ — ᠴᠢᠩ ᠱᠦᠶ ᠾᠧ ᠶᠢᠨ ᠣᠶᠢᠷ᠎ᠠ ᠵᠠᠮ ᠤᠨ ᠲᠡᠭᠡᠭᠡᠪᠦᠷᠢ ᠶᠢᠨ ᠡᠭᠡᠯᠵᠢ  ᠶᠢᠨ ᠨᠢᠰᠬᠡᠯ ᠨᠢ ᠶᠠ ᠵᠢᠶᠧ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠬᠢᠵᠠᠭᠠᠷᠲᠤ ᠺᠣᠮᠫᠠᠨᠢ ᠠᠴᠠ ᠬᠠᠷᠢᠭᠤᠴᠠᠵᠤ᠂ ᠭᠠᠷᠠᠭ ᠪᠦᠷᠢ 4 ᠡᠭᠡᠯᠵᠢ ᠨᠢᠰᠬᠦ ᠪᠣᠯᠣᠨ᠎ᠠ᠃      ᠡᠭᠡᠯᠵᠢ ᠶᠢᠨ ᠨᠢᠰᠬᠡᠯ ᠤᠨ ᠮᠡᠳᠡᠭᠡ ᠵᠠᠩᠭᠢ     ᠬᠥᠬᠡᠬᠤᠲᠠ ᠠᠴᠠ ᠨᠢᠰᠬᠦ ᠴᠠᠭ   09᠄ 15      ᠴᠢᠩ ᠱᠦᠶ ᠾᠧ ᠶᠢᠨ ᠯᠣᠤ ᠨᠢᠤ ᠸᠠᠨ ᠨᠢᠰᠬᠡᠯ ᠤᠨ ᠪᠠᠭᠤᠳᠠᠯ ᠠᠴᠠ ᠨᠢᠰᠬᠦ ᠴᠠᠭ  10᠄ 15     ᠪᠦᠬᠦ ᠶᠠᠪᠤᠴᠠ ᠨᠢ ᠵᠥᠪᠬᠡᠨ 30 ᠮᠢᠨᠦ᠋ᠲ ᠬᠡᠷᠡᠭᠰᠡᠨ᠎ᠡ᠂ ᠭᠠᠵᠠᠷ ᠳᠡᠭᠡᠷᠡᠬᠢ ᠵᠠᠮ ᠬᠠᠷᠢᠯᠴᠠᠭ᠎ᠠ ᠠᠴᠠ 2 ᠴᠠᠭ 30 ᠮᠢᠨᠦ᠋ᠲ ᠠᠷᠪᠢᠯᠠᠨ᠎ᠠ᠃ ᠨᠢᠰᠬᠡᠯ ᠤᠨ ᠬᠡᠯᠪᠡᠷᠢ ᠨᠢ PC - 12  ᠪᠠᠶᠢᠵᠤ᠂ 7 ᠠᠶᠠᠨᠴᠢᠨ ᠢ ᠰᠠᠭᠤᠯᠭᠠᠵᠤ ᠪᠣᠯᠤᠨ᠎ᠠ᠃
0529-2.jpg
     ᠣᠶᠢᠯᠠᠭᠠᠭᠰᠠᠨ ᠢᠶᠠᠷ᠂ ᠴᠢᠩ ᠱᠦᠶ ᠾᠧ ᠶᠢᠨ ᠯᠣᠤ ᠨᠢᠤ ᠸᠠᠨ ᠨᠢᠰᠬᠡᠯ ᠤᠨ ᠪᠠᠭᠤᠳᠠᠯ ᠨᠢ ᠳᠣᠤᠷ᠎ᠠ ᠠᠭᠠᠷ  ᠤᠨ ᠵᠢᠭᠤᠯᠴᠢᠯᠠᠯ ᠵᠡᠷᠭᠡ ᠲᠤᠬᠠᠶᠢᠯᠠᠭᠰᠠᠨ ᠠᠵᠢᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠠᠭᠠᠷ ᠤᠨ ᠠᠶᠠᠯᠠᠯ  ᠤᠨ ᠲᠤᠬᠠᠶᠢᠯᠠᠭᠰᠠᠨ ᠠᠵᠢᠯ ᠢᠶᠠᠷ ᠳᠠᠮᠵᠢᠭᠤᠯᠤᠨ ᠠᠶᠠᠨᠴᠢᠳ ᠤᠨ ᠴᠤᠪᠤᠷᠠᠯ ᠢ ᠲᠠᠲᠠᠵᠤ᠂ ︽ᠠᠭᠠᠷ ᠤᠨ ᠠᠶᠠᠯᠠᠯ + ᠠᠮᠢ ᠠᠬᠤᠶ ᠶᠢᠨ ᠵᠢᠭᠤᠯᠴᠢᠯᠠᠯ︾ ᠤᠨ ᠵᠠᠭᠪᠤᠷ ᠢ ᠪᠠᠶᠢᠭᠤᠯᠵᠤ᠂ ᠯᠣᠤ ᠨᠢᠤ ᠸᠠᠨ ᠦᠵᠡᠮᠵᠢ ᠶᠢᠨ ᠣᠷᠣᠨ ᠤ ᠡᠵᠡᠩᠨᠡᠯᠲᠡ ᠶᠢᠨ ᠪᠠᠶᠢᠳᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠣᠷᠣᠨ ᠨᠤᠲᠤᠭ ᠤᠨ ᠰᠣᠶᠣᠯ ᠵᠢᠭᠤᠯᠴᠢᠯᠠᠯ ᠤᠨ ᠠᠵᠤ ᠠᠬᠤᠶ ᠪᠠ ᠵᠠᠮ ᠬᠠᠷᠢᠯᠴᠠᠭᠠᠨ ᠤ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号