ᠮᠠᠨ ᠤ ᠣᠷᠣᠨ ᠤ ᠡᠨᠡ ᠬᠦ ᠵᠠᠰᠠᠮᠠᠯ ᠵᠠᠮ 2024 ᠣᠨ ᠤ ︽ᠮᠠᠨ ᠤ ᠭᠡᠷ ᠤᠨ ᠡᠭᠦᠳᠡᠨ ᠳᠠᠬᠢ ᠲᠡᠷᠡ ᠵᠠᠮ — ᠬᠦᠮᠦᠰ ᠤᠨ ᠬᠦᠷᠢᠶᠡᠯᠡᠯ ᠢ ᠤᠯᠤᠭᠰᠠᠨ ᠵᠠᠰᠠᠮᠠᠯ ᠵᠠᠮ︾ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2025/5/30
    ᠲᠦᠷᠦᠭᠦᠬᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ 2024 ᠣᠨ ᠤ ︽ᠠᠷᠪᠠᠨ ᠬᠠᠮᠤᠭ ᠤᠨ ᠭᠤᠶᠣ ᠬᠥᠳᠡᠭᠡ ᠲᠣᠰᠬᠤᠨ ᠤ ᠵᠠᠰᠠᠮᠠᠯ ᠵᠠᠮ︾ ᠵᠡᠷᠭᠡ ᠨᠡᠷᠡᠰ ᠢ ᠨᠡᠶᠢᠲᠡᠯᠡᠵᠦ᠂ ᠬᠥᠬᠡᠬᠤᠲᠠ ᠶᠢᠨ ᠴᠢᠩ ᠱᠦᠶ ᠾᠧ ᠰᠢᠶᠠᠨ ᠤ ᠹᠧᠩ ᠵᠢᠶᠠ ᠲᠠ ᠠᠴᠠ ᠯᠣᠤ ᠨᠢᠤ ᠸᠠᠨ ᠬᠦᠷᠬᠦ ᠵᠠᠰᠠᠮᠠᠯ ᠵᠠᠮ 2024 ᠣᠨ ᠤ ︽ᠮᠠᠨ ᠤ ᠭᠡᠷ ᠤᠨ ᠡᠭᠦᠳᠡᠨ ᠳᠠᠬᠢ ᠲᠡᠷᠡ ᠵᠠᠮ — ᠬᠦᠮᠦᠰ ᠤᠨ ᠬᠦᠷᠢᠶᠡᠯᠡᠯ ᠢ ᠤᠯᠤᠭᠰᠠᠨ ᠵᠠᠰᠠᠮᠠᠯ ᠵᠠᠮ︾ ᠢᠶᠠᠷ ᠦᠨᠡᠯᠡᠭᠳᠡᠪᠡ᠃ 
0530-1.jpg
     ᠹᠧᠩ ᠵᠢᠶ᠋ᠨ ᠲᠠ ᠠᠴᠠ ᠯᠣᠣ ᠨᠢᠤ ᠸᠠᠨ ᠬᠦᠷᠬᠦ ᠵᠠᠰᠠᠮᠠᠯ ᠵᠠᠮ    ◆4 ᠵᠢᠯ ᠳᠠᠷᠠᠭᠠᠯᠠᠨ ︽ᠠᠮᠵᠢᠯᠲᠠ ᠣᠯᠤᠭᠰᠠᠨ︾︕    ᠥᠪᠥᠷ ᠮᠣᠩᠭᠤᠯ ᠤᠨ ᠪᠦᠬᠦ ᠤᠯᠤᠰ ᠤᠨ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠷᠢᠳᠭᠡᠯ
0530-2.jpg
    2021 ᠣᠨ ᠠᠴᠠ ᠨᠠᠭᠠᠰᠢ᠂ ᠮᠠᠨ ᠤ ᠣᠷᠣᠨ ᠨᠢᠭᠡᠨᠲᠡ 4 ᠵᠢᠯ ᠳᠠᠷᠠᠭᠠᠯᠠᠨ ᠪᠥᠬᠦ ᠤᠯᠤᠰ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠰᠠᠮᠠᠯ ᠵᠠᠮ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠲᠤᠰ ᠲᠤᠰ᠄    2021 ᠣᠨ ᠤ ᠪᠥᠬᠦ ᠤᠯᠤᠰ ᠤᠨ ︽ᠠᠷᠪᠠᠨ ᠬᠠᠮᠤᠭ ᠤᠨ ᠭᠤᠶᠤ ᠬᠥᠳᠡᠭᠡ ᠲᠣᠰᠬᠤᠨ ᠤ ᠵᠠᠰᠠᠮᠠᠯ ᠵᠠᠮ︾    ᠪᠠᠶᠠᠨᠨᠠᠭᠤᠷ ᠬᠤᠲᠠ ᠶᠢᠨ ᠳ᠋ᠧᠩᠺᠸᠦ ᠰᠢᠶᠠᠨ ᠤ ᠪᠡᠯᠭᠦᠲᠡᠢ ᠰᠦᠮ᠎ᠡ ᠠᠴᠠ ᠳ᠋ᠧᠩᠺᠸᠦ ᠬᠦᠷᠬᠦ ᠵᠠᠰᠠᠮᠠᠯ ᠵᠠᠮ    2022 ᠣᠨ ᠤ ︽ᠮᠠᠨ ᠤ ᠭᠡᠷ ᠤᠨ ᠡᠭᠦᠳᠡᠨ ᠳᠠᠬᠢ ᠲᠡᠷᠡ ᠵᠠᠮ — ᠬᠦᠮᠦᠰ ᠤᠨ ᠬᠦᠷᠢᠶᠡᠯᠡᠯ ᠢ ᠤᠯᠤᠭᠰᠠᠨ ᠵᠠᠰᠠᠮᠠᠯ ᠵᠠᠮ︾    ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤᠨ ᠤ ᠨᠡᠩᠰᠤ ᠪᠠᠯᠭᠠᠰᠤ ᠠᠴᠠ ᠪᠤᠷᠤᠪᠠᠯᠭᠠᠰᠤ ᠬᠦᠷᠬᠦ ᠬᠤᠪᠢᠰᠬᠠᠯ ᠤᠨ ᠵᠢᠭᠤᠯᠴᠢᠯᠠᠯ ᠤᠨ ᠵᠠᠰᠠᠮᠠᠯ ᠵᠠᠮ    2023 ᠣᠨ ᠤ ᠪᠥᠬᠦ ᠤᠯᠤᠰ ᠤᠨ ︽ᠠᠷᠪᠠᠨ ᠬᠠᠮᠤᠭ ᠤᠨ ᠭᠤᠶᠤ ᠬᠥᠳᠡᠭᠡ ᠲᠣᠰᠬᠤᠨ ᠤ ᠵᠠᠰᠠᠮᠠᠯ ᠵᠠᠮ︾    ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠪᠣᠷᠣᠬᠤᠲᠠ ᠠᠴᠠ ᠪᠠᠶᠠᠨᠲᠣᠬᠤᠢ ᠬᠦᠷᠬᠦ ᠠᠮᠢ ᠠᠬᠤᠢ ᠶᠢᠨ ᠵᠢᠭᠤᠯᠴᠢᠯᠠᠯ ᠤᠨ ᠠᠵᠤ ᠦᠢᠯᠡᠰ ᠤᠨ ᠵᠠᠰᠠᠮᠠᠯ ᠵᠠᠮ    2024 ᠣᠨ ᠤ ︽ᠮᠠᠨ ᠤ ᠭᠡᠷ ᠤᠨ ᠡᠭᠦᠳᠡᠨ ᠳᠠᠬᠢ ᠲᠡᠷᠡ ᠵᠠᠮ — ᠬᠦᠮᠦᠰ ᠤᠨ ᠬᠦᠷᠢᠶᠡᠯᠡᠯ ᠢ ᠤᠯᠤᠭᠰᠠᠨ ᠵᠠᠰᠠᠮᠠᠯ ᠵᠠᠮ︾    ᠬᠥᠬᠡᠬᠤᠲᠠ ᠶᠢᠨ ᠴᠢᠩ ᠱᠦᠢ ᠾᠧ ᠰᠢᠶᠡᠨ ᠤ  ᠹᠧᠩ ᠵᠢᠶᠠ ᠲᠠ ᠠᠴᠠ ᠯᠤᠤ ᠨᠢᠦ ᠸᠠᠨ ᠬᠦᠷᠬᠦ ᠵᠠᠰᠠᠮᠠᠯ ᠵᠠᠮ    ᠨᠢᠭᠡ ᠵᠠᠰᠠᠮᠠᠯ ᠵᠠᠮ ᠬᠥᠳᠡᠭᠡ ᠲᠣᠰᠬᠤᠨ ᠢ ᠬᠦᠭᠵᠢᠭᠡᠨ᠎ᠡ    ᠴᠢᠩ ᠱᠦᠶ ᠾᠧ ᠰᠢᠶᠠᠨ ᠤ ︽ᠵᠠᠮ ᠬᠠᠷᠢᠯᠴᠠᠭ᠎ᠠ +︾ ᠶᠢᠨ ᠨᠢᠭᠤᠴᠠ ᠲᠡᠮᠳᠡᠭ
0530-3.jpg
    ᠬᠥᠬᠡᠬᠤᠲᠠ ᠶᠢᠨ ᠴᠢᠩ ᠱᠦᠢ ᠾᠧ ᠱᠢᠶᠠᠨ ᠤ Y712 ᠱᠤᠭᠤᠮ ᠤᠨ ᠹᠧᠩ ᠵᠢᠶᠠ ᠲᠠ ᠠᠴᠠ ᠯᠤᠤ ᠨᠢᠦ ᠸᠠᠨ ᠬᠦᠷᠬᠦ ᠵᠠᠰᠠᠮᠠᠯ ᠵᠠᠮ ᠢ 2023 ᠣᠨ ᠳᠤ ᠪᠠᠶᠢᠭᠤᠯᠤᠨ ᠳᠠᠭᠤᠰᠬᠠᠵᠤ᠂ ᠵᠠᠮ ᠱᠤᠭᠤᠮ ᠤᠨ ᠪᠦᠬᠦ ᠤᠷᠲᠤ ᠨᠢ 25.951 ᠺᠢᠯᠣᠮᠧᠲᠷ ᠪᠠᠶᠢᠵᠤ᠂ ᠡᠬᠢᠯᠡᠯᠲᠡ ᠶᠢᠨ ᠴᠡᠭ ᠨᠢ ᠴᠢᠩ ᠱᠦᠢ ᠾᠧ ᠰᠢᠶᠡᠨ ᠤ ᠶᠣᠣ ᠭᠧᠦ ᠰᠢᠶᠠᠩ ᠤᠨ ᠹᠧᠩ ᠵᠢᠶᠠ ᠲᠠ ᠲᠣᠰᠬᠤᠨ ᠳᠤ ᠪᠠᠶᠢᠵᠤ᠂ ᠴᠧᠩ ᠸᠠᠨ ᠲᠣᠰᠬᠤᠨ᠂ ᠫᠦ᠋ ᠶᠧᠦ ᠲᠠ ᠲᠣᠰᠬᠤᠨ᠂ ᠰᠢ ᠴᠠ ᠲᠣᠰᠬᠤᠨ᠂ ᠰᠧ ᠽᠦᠸᠧ ᠲᠠ ᠲᠣᠰᠬᠤᠨ᠂ ᠨᠢᠦ ᠨᠢ ᠲᠠ ᠲᠣᠰᠬᠤᠨ᠂ ᠱᠦᠢ ᠮᠧᠨ ᠲᠠ ᠲᠣᠰᠬᠤᠨ ᠢ ᠦᠩᠭᠡᠷᠡᠵᠦ᠂ ᠡᠴᠦᠰ ᠤᠨ ᠴᠡᠭ ᠨᠢ ᠯᠤᠤ ᠨᠢᠦ ᠸᠠᠨ ᠪᠠᠯᠭᠠᠰᠤᠨ ᠳᠤ ᠪᠠᠶᠢᠳᠠᠭ᠃    ᠲᠣᠰ ᠵᠠᠰᠠᠮᠠᠯ ᠵᠠᠮ ᠪᠣᠯ ᠴᠢᠩ ᠱᠦᠶ ᠾᠧ ᠰᠢᠶᠠᠨ ᠤ ᠬᠠᠲᠤᠨ ᠭᠤᠤᠯ ᠳᠠᠭᠠᠤ ᠶᠢᠨ ᠵᠢᠭᠤᠯᠴᠢᠯᠠᠯ ᠤᠨ ᠠᠵᠤ ᠠᠬᠤᠶ ᠶᠢᠨ ᠪᠦᠰᠡ ᠶᠢᠨ ᠭᠤᠤᠯ ᠱᠤᠭᠤᠮ ᠤᠨ ᠵᠠᠰᠠᠮᠠᠯ ᠵᠠᠮ ᠪᠣᠯᠤᠨ᠎ᠠ᠂ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠰᠡᠨ ᠠᠴᠠ  ᠨᠠᠭᠠᠰᠢ᠂ ᠵᠠᠮ ᠳᠠᠭᠠᠤ ᠶᠢᠨ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠠᠵᠤ  ᠦᠢᠯᠡᠰ᠂ ᠬᠥᠳᠡᠭᠡ ᠲᠣᠰᠬᠤᠨ ᠤ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠲᠦᠷᠭᠡᠨ ᠬᠥᠭᠵᠢᠬᠦ ᠶᠢ ᠳᠠᠶᠢᠴᠢᠯᠠᠵᠤ᠂ ᠴᠢᠩ ᠱᠦᠶ ᠾᠧ ᠰᠢᠶᠠᠨ ᠤ ᠵᠢᠭᠤᠯᠴᠢᠯᠠᠯ ᠤᠨ ᠦᠢᠯᠡᠰ ᠲᠤ ᠵᠠᠮ ᠬᠠᠷᠢᠯᠴᠠᠭᠠᠨ ᠤ ᠪᠠᠲᠤᠯᠠᠭ᠎ᠠ ᠬᠠᠩᠭᠠᠵᠤ᠂ ᠯᠣᠣ ᠨᠢᠦ ᠸᠠᠨ ᠦᠵᠡᠮᠵᠢ ᠶᠢᠨ ᠣᠷᠣᠨ ᠤ ᠠᠵᠤ ᠠᠬᠤᠶ ᠶᠢᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠮᠡᠭᠳᠡᠭᠦᠯᠵᠦ᠂ ᠵᠠᠮ ᠳᠠᠭᠠᠤ ᠶᠢᠨ ᠣᠯᠠᠨ ᠲᠦᠮᠡᠨ ᠳᠤ ᠰᠠᠶᠢᠨ ᠰᠠᠶᠢᠬᠠᠨ ᠠᠵᠤ ᠠᠬᠤᠶ ᠶᠢᠨ ᠦᠷ᠎ᠡ ᠠᠰᠢᠭ ᠢ ᠠᠪᠴᠢᠷᠠᠵᠤ ᠥᠭᠴᠡᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号