ᠬᠥᠯᠥᠨ ᠪᠤᠶᠢᠷ ᠬᠤᠲᠠ ᠶᠢᠨ ᠵᠠᠰᠠᠮᠠᠯ ᠵᠠᠮ ᠤᠨ ᠨᠡᠪᠲᠡᠷᠡᠬᠦ ᠰᠦᠢᠳᠭᠡᠯ ᠲᠠᠲᠠᠪᠤᠷᠢᠯᠠᠬᠤ ᠲᠥᠪ ᠤᠨ ᠰᠢᠩ ᠯᠦᠩ ᠰᠦᠢᠳᠭᠡᠯ ᠬᠤᠷᠢᠶᠠᠬᠤ ᠥᠷᠲᠡᠭᠡ ᠣᠯᠠᠨ ᠠᠷᠭ᠎ᠠ ᠬᠡᠮᠵᠢᠶ᠎ᠡ ᠠᠪᠴᠤ ᠵᠢᠯᠣᠭᠤᠴᠢ ᠠᠶᠠᠨᠴᠢᠳ ᠤᠨ ᠳᠥᠭᠦᠮ ᠳᠥᠲᠡ ᠶᠠᠪᠤᠵᠤ ᠰᠠᠭᠤᠬᠤ ᠶᠢ ᠦᠨᠡᠨ ᠬᠦ  ᠪᠠᠲᠤᠯᠠᠵᠤ ᠪᠣᠢ
ᠨᠡᠶᠢᠲᠡᠯᠡᠭᠰᠡᠨ ᠴᠠᠭ᠄
2025/5/6
    ︽5.1︾ ᠤ ᠠᠮᠠᠷᠠᠯᠲᠠ ᠶᠢᠨ ᠬᠤᠭᠤᠴᠠᠭ᠎ᠠ ᠣᠶᠢᠷᠠᠳᠴᠤ᠂ ᠬᠥᠯᠥᠨ ᠪᠤᠶᠢᠷ ᠬᠤᠲᠠ ᠶᠢᠨ ᠵᠠᠰᠠᠮᠠᠯ ᠵᠠᠮ ᠤᠨ ᠨᠡᠪᠲᠡᠷᠡᠬᠦ ᠰᠦᠢᠳᠭᠡᠯ ᠲᠠᠲᠠᠪᠤᠷᠢᠯᠠᠬᠤ ᠲᠥᠪ ᠤᠨ ᠰᠢᠩ ᠯᠦᠩ ᠰᠦᠢᠳᠭᠡᠯ ᠬᠤᠷᠢᠶᠠᠬᠤ ᠥᠷᠲᠡᠭᠡ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠠᠮᠠᠷᠠᠯᠲᠠ ᠶᠢᠨ ᠬᠤᠭᠤᠴᠠᠭᠠᠨ ᠳᠤ ᠵᠢᠯᠣᠭᠤᠴᠢ ᠠᠶᠠᠨᠴᠢᠳ ᠤᠨ ᠠᠮᠤᠷ ᠲᠦᠪᠰᠢᠨ᠂ ᠳᠥᠭᠦᠮ ᠳᠥᠲᠡ᠂ ᠬᠠᠯᠠᠭᠤᠨ ᠳᠤᠯᠠᠭᠠᠨ ᠶᠠᠪᠤᠵᠤ ᠰᠠᠭᠤᠬᠤ ᠶᠢ ᠦᠨᠡᠨ ᠬᠦ ᠪᠠᠲᠤᠯᠠᠪᠠ᠃     ᠪᠣᠯᠪᠠᠰᠤᠷᠠᠯ ᠢ ᠴᠢᠩᠭᠠᠷᠠᠭᠤᠯᠵᠦ᠂ ᠦᠢᠯᠡᠴᠢᠯᠡᠬᠡᠨ ᠤ ᠴᠢᠳᠡᠪᠦᠷᠢ ᠶᠢ ᠳᠡᠭᠡᠭᠰᠢᠯᠡᠭᠦᠯᠪᠡ᠃ ᠰᠦᠢᠳᠬᠡᠯ ᠬᠤᠷᠢᠶᠠᠭᠴᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠥᠷᠨᠢᠭᠦᠯᠵᠦ᠂ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠲᠡᠷᠭᠡᠨ ᠤ ᠬᠡᠯᠪᠡᠷᠢ ᠶᠢᠨ ᠢᠯᠭᠠᠨ ᠲᠠᠨᠢᠬᠤ ᠤᠷ᠎ᠠ ᠮᠡᠷᠭᠡᠵᠢᠯ᠂ ᠪᠠᠴᠢᠮ ᠪᠠᠶᠢᠳᠠᠯ ᠢ ᠠᠷᠭᠠᠴᠠᠭᠠᠬᠤ ᠬᠡᠷᠡᠭ ᠶᠠᠪᠤᠳᠠᠯ ᠢ ᠰᠢᠢᠳᠪᠦᠷᠢᠯᠡᠬᠦ᠂ ᠪᠣᠯᠪᠠᠰᠤᠨ ᠶᠣᠰᠣ ᠮᠣᠷᠠᠯ ᠵᠡᠷᠭᠡ ᠠᠭᠤᠯᠭ᠎ᠠ ᠶᠢ ᠬᠠᠮᠤᠷᠴᠤ᠂ ᠠᠵᠢᠯᠲᠠᠨ ᠠᠵᠢᠯᠴᠢᠨ ᠤ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠠᠵᠢᠯᠲᠠᠨ ᠠᠵᠢᠯᠴᠢᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃    ᠪᠡᠯᠡᠳᠭᠡᠮᠵᠢ ᠲᠦᠭᠦᠭᠡᠷᠦᠮᠵᠢ ᠶᠢ ᠳᠡᠬᠦᠯᠳᠡᠷᠵᠢᠬᠦᠯᠵᠦ᠂ ᠦᠢᠯᠡᠴᠢᠯᠡᠭᠡᠨ ᠤ ᠣᠷᠴᠢᠨ ᠲᠤᠭᠤᠷᠢᠨ ᠢ ᠰᠢᠯᠢᠳᠡᠭᠵᠢᠭᠦᠯᠪᠡ᠃ ᠰᠦᠢᠳᠬᠡᠯ ᠬᠤᠷᠢᠶᠠᠬᠤ ᠲᠡᠷᠭᠡᠨ ᠵᠠᠮ ᠤᠨ ᠲᠦᠭᠦᠭᠡᠷᠦᠮᠵᠢ ᠶᠢ ᠪᠥᠬᠦ ᠲᠠᠯ᠎ᠠ ᠪᠠᠷ ᠪᠠᠶᠢᠴᠠᠭᠠᠬᠤ ᠪᠠ ᠬᠠᠮᠠᠭᠠᠯᠠᠵᠤ᠂ ᠬᠠᠭᠤᠴᠢᠷᠠᠵᠤ᠂ ᠡᠪᠳᠡᠷᠡᠭᠰᠡᠨ ᠲᠥᠬᠦᠭᠡᠷᠦᠮᠵᠢ ᠶᠢ ᠴᠠᠭ ᠲᠤᠬᠠᠶ ᠳᠤ ᠨᠢ ᠰᠣᠯᠢᠵᠤ᠂ ᠲᠡᠷᠭᠡᠨ ᠵᠠᠮ ᠤᠨ ᠭᠡᠷᠡᠯᠲᠦᠭᠦᠯᠭᠡ᠂ ᠵᠠᠮ ᠨᠡᠪᠲᠡᠷᠡᠯᠭᠡ ᠶᠢᠨ ᠵᠢᠭᠠᠯᠲᠠ ᠶᠢᠨ ᠳ᠋ᠧᠩ ᠵᠡᠷᠭᠡ ᠲᠦᠭᠦᠭᠡᠷᠦᠮᠵᠢ ᠶᠢ ᠪᠠᠶᠢᠴᠠᠭᠠᠨ ᠬᠠᠮᠠᠭᠠᠯᠠᠵᠤ᠂ ᠵᠢᠯᠣᠭᠤᠴᠢ ᠪᠠ ᠠᠶᠠᠨᠴᠢᠳ ᠲᠤ ᠰᠠᠶᠢᠨ ᠰᠠᠶᠢᠬᠠᠨ ᠵᠠᠮ ᠨᠡᠪᠲᠡᠷᠡᠯᠭᠡ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃    ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠵᠦ᠂ ᠬᠠᠯᠠᠭᠤᠨ ᠳᠤᠯᠠᠭᠠᠨ ᠤᠯᠠᠭ᠎ᠠ ᠥᠷᠲᠡᠭᠡ ᠶᠢ ᠪᠠᠶᠢᠭᠤᠯᠪᠠ᠃ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠴᠡᠭ ᠪᠠᠶᠢᠭᠤᠯᠵᠤ᠂ ᠨᠠᠭᠠᠰᠢ ᠴᠠᠭᠠᠰᠢ ᠥᠩᠭᠡᠷᠡᠬᠦ ᠵᠢᠯᠣᠭᠤᠴᠢ ᠠᠶᠠᠨᠴᠢᠳ ᠲᠤ ᠰᠦᠢᠳᠬᠡᠯ ᠬᠤᠷᠢᠶᠠᠬᠤ ᠦᠭᠡᠢ ᠪᠠᠷ ᠤᠤᠭᠤᠬᠤ ᠤᠰᠤ᠂ ᠲᠦᠷᠭᠡᠨ ᠠᠪᠤᠷᠠᠬᠤ ᠡᠮ ᠤᠨ ᠵᠦᠢᠯ᠂ ᠳᠥᠭᠦᠮ ᠳᠥᠲᠡ ᠰᠡᠯᠪᠢᠨ ᠵᠠᠰᠠᠬᠤ ᠪᠠᠭᠠᠵᠢ᠂ ᠵᠠᠮ ᠤᠨ ᠯᠠᠪᠯᠠᠭ᠎ᠠ ᠶᠢᠨ ᠦᠢᠯᠡᠴᠢᠯᠡᠭᠡ ᠵᠡᠷᠭᠡ ᠶᠢ ᠬᠠᠩᠭᠠᠬᠤ ᠶᠢᠨ ᠬᠠᠮᠲᠤ ᠡᠷᠬᠢᠨ ᠲᠣᠭᠤᠷᠢᠨ ᠤ ᠵᠠᠰᠠᠮᠠᠯ ᠵᠠᠮ ᠤᠨ ᠲᠣᠣᠷ᠂ ᠦᠢᠯᠡᠴᠢᠯᠡᠭᠡᠨ ᠤ ᠲᠠᠯᠠᠪᠤᠷ᠂ ᠵᠤᠭᠠᠴᠠᠯ ᠤᠨ ᠦᠵᠡᠮᠵᠢ ᠶᠢᠨ ᠭᠠᠵᠠᠷ᠂ ᠣᠷᠣᠨ ᠨᠤᠲᠤᠭ ᠤᠨ ᠣᠨᠴᠠ ᠭᠠᠷᠤᠯᠲᠠ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠵᠤ᠂ ᠵᠢᠯᠣᠭᠤᠴᠢ ᠠᠶᠠᠨᠴᠢᠳ ᠢ ᠬᠠᠯᠠᠭᠤᠨ ᠢᠶᠠᠷ ᠬᠠᠪᠰᠤᠷᠴᠤ᠂ ᠦᠢᠯᠡᠴᠢᠯᠡᠭᠡ ᠨᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃  ︵ᠰᠢᠶᠦ᠋ᠩ ᠶᠠᠨ ᠨᠠᠨ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号