ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠶᠢᠨ ᠳᠣᠯᠣᠳᠤᠭᠠᠷ ᠰᠠᠯᠪᠤᠷᠢ ᠠᠩᠭᠢ ᠭᠤᠤᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ ᠠᠮᠠᠷᠠᠯᠲᠠ ᠶᠢᠨ ᠬᠤᠭᠤᠴᠠᠭᠠᠨ ᠤ ᠶᠠᠪᠤᠵᠤ ᠰᠠᠭᠤᠬᠤ ᠶᠢ ᠪᠠᠲᠤᠯᠠᠨ ᠬᠠᠮᠠᠭᠠᠯᠠᠪᠠ
ᠨᠡᠶᠢᠲᠡᠯᠡᠭᠰᠡᠨ ᠴᠠᠭ᠄
2025/5/7
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠶᠢᠨ ᠳᠣᠯᠣᠳᠤᠭᠠᠷ ᠰᠠᠯᠪᠤᠷᠢ ᠠᠩᠭᠢ ᠡᠯ᠎ᠡ ᠦᠨᠳᠦᠰᠦᠨ ᠱᠠᠲᠤᠨ ᠤ ᠶᠡᠭᠡ ᠠᠩᠭᠢ ᠳᠤ ᠭᠦᠨᠵᠡᠭᠡᠶᠢᠷᠡᠨ ᠠᠵᠢᠯ ᠢ ᠵᠢᠯᠣᠭᠤᠳᠬᠤ ᠶᠢᠨ ᠬᠠᠮᠲᠤ ︽5.1︾ ᠤ ᠪᠠᠶᠠᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ᠃    ᠵᠢᠯᠣᠭᠤᠳᠬᠤ ᠳᠤᠭᠤᠶᠢᠯᠠᠩ ᠤᠨ ᠬᠢᠨ ᠡᠯ᠎ᠡ ᠶᠡᠭᠡ ᠠᠩᠭᠢ ᠶᠢᠨ ᠬᠠᠤᠯᠢ ᠬᠡᠷᠡᠭᠵᠢᠭᠦᠯᠬᠦ ᠥᠷᠲᠡᠭᠡ ᠭᠠᠵᠠᠷ ᠤᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠲᠣᠬᠢᠷᠠᠭᠤᠯᠤᠯᠲᠠ᠂ ᠠᠵᠢᠯᠯᠠᠬᠤ ᠣᠷᠴᠢᠨ ᠲᠣᠭᠤᠷᠢᠨ ᠤ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠵᠢᠴᠢ ᠳᠣᠲᠣᠭᠠᠳᠤ ᠶᠢᠨ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠵᠢᠯᠣᠭᠤᠳᠤᠨ ᠪᠠᠶᠢᠴᠠᠭᠠᠵᠤ᠂ ︽5 · 1︾ ᠤ ᠠᠮᠠᠷᠠᠯᠲᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠪᠠ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠲᠣᠰ ᠰᠠᠯᠪᠤᠷᠢ ᠠᠩᠭᠢ ᠶᠢᠨ ᠬᠢᠨ ᠡᠯ᠎ᠡ ᠶᠡᠭᠡ ᠠᠩᠭᠢ ᠶᠢᠨ ᠬᠢᠨ ᠢ ᠱᠠᠭᠠᠷᠳᠠᠭᠰᠠᠨ ᠨᠢ᠂ ᠨᠢᠭᠡ ᠳᠤ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠶ᠎ᠠ ᠣᠷᠣᠨ ᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ︽5.1︾ ᠤ ᠠᠮᠠᠷᠠᠯᠲᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ᠂ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠵᠠᠮ ᠳᠤ ᠬᠤᠯᠪᠣᠭᠳᠠᠭᠰᠠᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ︽ᠬᠤᠶᠠᠷ ᠠᠶᠠᠨᠴᠢᠳ ᠤᠨ ᠲᠡᠭᠡᠭᠡᠪᠦᠷᠢ ᠪᠣᠯᠤᠨ ᠨᠢᠭᠡ ᠠᠶᠤᠯᠲᠤ ᠡᠳ᠋ ᠤᠨ ᠲᠡᠭᠡᠭᠡᠪᠦᠷᠢ ᠨᠢᠭᠡ ᠪᠠᠷᠠᠭᠠᠨ ᠤ ᠲᠡᠭᠡᠭᠡᠪᠦᠷᠢ︾ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠪᠤᠰᠤ ᠪᠠᠷ ᠡᠵᠡᠩᠨᠡᠬᠦ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠪᠠᠶᠠᠷ ᠤᠨ ᠡᠳᠦᠷ ᠤᠨ ᠬᠤᠭᠤᠴᠠᠭᠠᠨ ᠳᠤ ᠠᠮᠤᠷ ᠲᠦᠪᠰᠢᠨ᠂ ᠳᠥᠭᠦᠮ ᠳᠥᠲᠡ ᠶᠠᠪᠤᠵᠤ ᠰᠠᠭᠤᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠭᠤᠷᠪᠠ ᠳᠤ᠂ ᠤᠳᠤᠷᠢᠳᠤᠯᠭ᠎ᠠ ᠡᠭᠡᠯᠵᠢ ᠳᠠᠭᠠᠭᠤᠯᠬᠤ᠂ 24 ᠴᠠᠭ ᠢᠶᠠᠷ ᠵᠢᠵᠢᠭᠦᠷᠯᠡᠬᠦ ᠪᠠ ᠭᠡᠨᠡᠳᠲᠡ ᠶᠢᠨ ᠬᠡᠷᠡᠭ ᠢ ᠮᠡᠳᠡᠭᠦᠯᠦᠨ ᠬᠦᠷᠭᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠲᠠᠰ ᠳᠠᠷᠠᠭᠠᠯᠠᠯ ᠢ ᠵᠢᠷᠤᠮᠵᠢᠭᠤᠯᠵᠤ᠂ ᠭᠡᠨᠡᠳᠲᠡ ᠶᠢᠨ ᠬᠡᠷᠡᠭ ᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号