︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ ᠪᠥᠬᠦ ᠣᠷᠣᠨ ᠤ ᠣᠷᠣᠨ ᠪᠦᠰᠡ ᠠᠯᠤᠰᠯᠠᠭᠰᠠᠨ ᠬᠥᠮᠦᠰ ᠤᠨ ᠰᠢᠯᠵᠢᠯᠲᠡ ᠶᠢᠨ ᠬᠡᠮᠵᠢᠶ᠎ᠡ ᠨᠡᠶᠢᠲᠡ 2359.99 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.45% ᠪᠠᠷ ᠳᠡᠭᠡᠭᠰᠢᠯᠡᠪᠡ
ᠨᠡᠶᠢᠲᠡᠯᠡᠭᠰᠡᠨ ᠴᠠᠭ᠄
2025/5/8
     ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭ᠎ᠠ ︵5 ᠰᠠᠷ᠎ᠠ ᠶᠢᠨ 1 ᠠᠴᠠ 5 ᠤ ᠡᠳᠦᠷ ᠪᠣᠯᠲᠠᠯ᠎ᠠ︶ ᠳᠤ᠂ ᠲᠥᠷᠥᠯ ᠰᠠᠳᠤᠨ ᠢᠶᠠᠷ ᠢᠶᠠᠨ ᠲᠣᠭᠤᠷᠢᠬᠤ᠂ ᠨᠠᠶᠢᠵᠠ ᠨᠥᠬᠦᠳ ᠢᠶᠠᠨ ᠡᠷᠭᠢᠵᠦ ᠦᠵᠡᠬᠦ᠂ ᠵᠢᠭᠤᠯᠴᠢᠯᠠᠬᠤ ᠵᠡᠷᠭᠡ ᠬᠡᠷᠡᠭᠴᠡᠭᠡ ᠶᠡᠭᠡ ᠪᠠᠷ ᠨᠡᠮᠡᠭᠳᠡᠵᠦ᠂ ᠠᠶᠠᠨᠴᠢᠳ ᠤᠨ ᠴᠤᠪᠤᠷᠠᠯ᠂ ᠲᠡᠷᠭᠡᠨ ᠤ ᠴᠤᠪᠤᠷᠠᠯ ᠦᠷᠭᠦᠯᠵᠢᠯᠡᠨ ᠥᠨᠳᠥᠷ ᠪᠠᠶᠢᠷᠢᠨ ᠳᠤ ᠠᠵᠢᠯᠯᠠᠵᠤ ᠪᠠᠶᠢᠨ᠎ᠠ᠃      ᠪᠥᠬᠦ ᠣᠷᠣᠨ ᠤ ᠣᠷᠣᠨ ᠪᠦᠰᠡ ᠠᠯᠤᠰᠯᠠᠭᠰᠠᠨ ᠬᠥᠮᠦᠰ ᠤᠨ ᠰᠢᠯᠵᠢᠯᠲᠡ ᠶᠢᠨ ᠬᠡᠮᠵᠢᠶ᠎ᠡ ᠨᠡᠶᠢᠲᠡ        2359.99 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.45% ᠪᠠᠷ ᠳᠡᠭᠡᠭᠰᠢᠯᠡᠵᠦ᠂ ᠳᠡᠭᠡᠳᠤ ᠬᠤᠷᠳᠤ ᠶᠢᠨ ᠵᠠᠰᠠᠮᠠᠯ ᠵᠠᠮ ᠤᠨ ᠲᠡᠷᠭᠡᠨ ᠤ ᠴᠤᠪᠤᠷᠠᠯ ᠤᠨ ᠣᠷᠭᠢᠯ ᠤᠨ ᠬᠡᠮᠵᠢᠶ᠎ᠡ 5 ᠰᠠᠷ᠎ᠠ  ᠶᠢᠨ 1 ᠤ ᠡᠳᠦᠷ 80.59 ᠲᠦᠮᠡ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃
0508-1.jpg
     ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ       ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ᠂ ᠪᠥᠬᠦ ᠣᠷᠣᠨ ᠤ ᠡᠵᠡᠩᠨᠡᠯᠲᠡ ᠶᠢᠨ ᠴᠢᠨᠠᠷᠲᠠᠶ ᠲᠡᠭᠡᠭᠡᠪᠦᠷᠢ ᠶᠢᠨ ᠲᠤᠭ᠎ᠠ ᠪᠠᠷᠢᠮᠲᠠ      ᠠᠶᠠᠨᠴᠢᠳ ᠢ ᠨᠡᠶᠢᠲᠡ 218.09 ᠲᠦᠮᠡᠨ ᠬᠥᠮᠦᠨ ᠤᠳᠠᠭ᠎ᠠ ᠬᠦᠷᠭᠡᠵᠦ᠂ ᠠᠳᠠᠯᠢ ᠬᠤᠭᠤᠴᠠᠭᠠᠨ ᠤ ᠬᠢ  ᠠᠴᠠ 2.10 % ᠪᠠᠷ ᠳᠡᠭᠡᠭᠰᠢᠯᠡᠪᠡ᠃      >> ᠲᠡᠮᠦᠷ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠨᠡᠶᠢᠲᠡ 152.93 ᠲᠦᠮᠡᠨ ᠬᠥᠮᠦᠨ ᠤᠳᠠᠭ᠎ᠠ ᠳᠤ ᠬᠦᠷᠴᠡᠶ︔      >> ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠨᠡᠶᠢᠲᠡ 26.84 ᠲᠦᠮᠡᠨ ᠬᠥᠮᠦᠨ ᠤᠳᠠᠭ᠎ᠠ ᠳᠤ ᠬᠦᠷᠴᠡᠶ︔      >> ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠨᠡᠶᠢᠲᠡ     38.32 ᠲᠦᠮᠡᠨ ᠬᠥᠮᠦᠨ ᠤᠳᠠᠭ᠎ᠠ ᠳᠤ ᠬᠦᠷᠴᠡᠶ᠃
0508-2.jpg
     ᠤᠯᠠᠭᠠᠨᠬᠠᠳᠠ ᠥᠷᠲᠡᠭᠡ         ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ᠂ ᠵᠠᠮ ᠤᠨ ᠲᠣᠣᠷ ᠤᠨ ᠠᠵᠢᠯᠯᠠᠭᠠᠨ  ᠤ ᠲᠤᠭ᠎ᠠ ᠪᠠᠷᠢᠮᠲᠠ     ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠡᠷᠭᠡᠨ ᠤ ᠴᠤᠪᠤᠷᠠᠯ ᠤᠨ ᠶᠡᠷᠦᠩᠬᠡᠶ ᠬᠡᠮᠵᠢᠶ᠎ᠡ ᠨᠡᠶᠢᠲᠡ 358.13 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.23% ᠪᠠᠷ ᠳᠡᠭᠡᠭᠰᠢᠯᠡᠵᠦ᠂ ᠲᠡᠷᠭᠡᠨ ᠤ ᠴᠤᠪᠤᠷᠠᠯ ᠨᠢ ᠠᠶᠠᠨᠴᠢᠳ ᠤᠨ ᠲᠡᠷᠭᠡ ᠪᠠᠷ ᠭᠤᠤᠯᠯᠠᠵᠤ᠂ ᠴᠤᠪᠤᠷᠠᠯ ᠤᠨ ᠬᠡᠮᠵᠢᠶ᠎ᠡ ᠨᠢ ᠨᠡᠶᠢᠲᠡ 313.59 ᠲᠦᠮᠡ ᠪᠠᠶᠢᠵᠤ᠂ ᠪᠥᠬᠦ ᠲᠡᠷᠭᠡᠨ ᠤ ᠴᠤᠪᠤᠷᠠᠯ ᠤᠨ ᠬᠡᠮᠵᠢᠶ᠎ᠡ ᠶᠢᠨ 87.56% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 8.16% ᠪᠠᠷ ᠳᠡᠭᠡᠭᠰᠢᠯᠡᠭᠰᠡᠨ ᠪᠠᠶᠢᠨ᠎ᠠ᠃     ᠬᠥᠬᠡᠬᠤᠲᠠ᠂ ᠣᠷᠳᠣᠰ ᠬᠤᠳᠠ᠂ ᠤᠯᠠᠭᠠᠨᠬᠠᠳᠠ ᠬᠤᠲᠠ᠂ ᠪᠤᠭᠤᠲᠤ ᠬᠤᠲᠠ ᠶᠢᠨ ᠨᠡᠶᠢᠲᠡ 13 ᠰᠦᠢᠳᠬᠡᠯ ᠬᠤᠷᠢᠶᠠᠬᠤ ᠥᠷᠲᠡᠭᠡ ᠶᠢᠨ ᠭᠠᠷᠬᠤ ᠵᠠᠮ ᠤᠨ ᠴᠤᠪᠤᠷᠠᠯ ᠨᠢ ᠡᠳᠦᠷ ᠪᠦᠷᠢ ᠳᠤᠮᠳᠠᠴᠢ ᠪᠠᠷ ᠲᠦᠮᠡ ᠶᠢ ᠳᠠᠪᠠᠪᠠ᠃
0508-3.jpg
     G6 ᠪᠡᠭᠡᠵᠢᠩ ᠠᠴᠠ ᠲᠥᠪᠡᠳ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ      ᠡᠩ ᠤᠨ ᠤᠯᠤᠰ ᠤᠨ ᠮᠤᠵᠢ ᠶᠢᠨ ᠵᠠᠮ ᠤᠨ ᠣᠭᠲᠣᠯᠤᠭᠠᠰᠤ ᠶᠢᠨ ᠵᠠᠮ ᠬᠠᠷᠢᠯᠴᠠᠭᠠᠨ ᠤ ᠬᠡᠮᠵᠢᠶ᠎ᠡ 4035 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.86% ᠪᠠᠷ ᠳᠡᠭᠡᠭᠰᠢᠯᠡᠵᠦ᠂ 2024 ᠣᠨ ᠤ ᠪᠥᠬᠦ ᠵᠢᠯ ᠤᠨ ᠳᠤᠮᠳᠠᠴᠢ ᠬᠡᠮᠵᠢᠭᠳᠡᠯ ᠠᠴᠠ 34.19% ᠪᠠᠷ ᠳᠡᠭᠡᠭᠰᠢᠯᠡᠪᠡ᠃     ᠠᠶᠠᠨᠴᠢᠳ ᠤᠨ ᠴᠤᠪᠤᠷᠠᠯ ᠤᠨ ᠣᠷᠭᠢᠯ ᠤᠨ ᠦᠶ᠎ᠡ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠵᠠᠰᠠᠮᠠᠯ ᠵᠠᠮ᠂ ᠲᠡᠭᠡᠭᠡᠪᠦᠷᠢ᠂ ᠪᠥᠲᠥᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠳᠠᠯᠳᠠ ᠬᠡᠮ ᠢ ᠤᠷᠢᠳᠴᠢᠯᠠᠨ ᠵᠢᠭᠰᠠᠭᠠᠨ ᠪᠠᠶᠢᠴᠠᠭᠠᠵᠤ᠂ ᠦᠶᠯᠡᠴᠢᠯᠡᠭᠡᠨ ᠤ ᠲᠣᠭᠤᠷᠢᠭ ᠤᠨ ᠵᠣᠷᠯᠣᠩ᠂ ᠪᠤᠴᠠᠯᠤᠭᠰᠠᠨ ᠤᠰᠤ᠂ ᠴᠠᠬᠢᠯᠭᠠᠨ ᠴᠡᠨᠡᠭᠯᠡᠬᠦ᠂ ᠲᠣᠰᠣ ᠨᠡᠮᠡᠬᠦ ᠵᠡᠷᠭᠡ ᠦᠶᠯᠡᠴᠢᠯᠡᠭᠡᠨ ᠤ ᠲᠦᠭᠦᠭᠡᠷᠤᠮᠵᠢ ᠶᠢᠨ ᠲᠣᠬᠢᠷᠠᠭᠤᠯᠤᠯᠲᠠ ᠶᠢ ᠤᠷᠢᠳᠴᠢᠯᠠᠨ ᠰᠢᠯᠢᠳᠡᠭᠵᠢᠭᠦᠯᠵᠦ᠂ ᠠᠮᠠᠷᠬᠠᠨ ᠲᠦᠭᠵᠢᠷᠡᠵᠦ ᠠᠯᠭᠤᠷ ᠶᠠᠪᠤᠬᠤ ᠵᠠᠮ ᠤᠨ ᠬᠡᠰᠡᠭ ᠢ ᠤᠷᠢᠳᠴᠢᠯᠠᠨ ᠰᠤᠳᠤᠯᠤᠨ ᠮᠠᠭᠠᠳᠯᠠᠵᠤ᠂ ᠶᠠᠪᠤᠵᠤ ᠰᠠᠭᠤᠬᠤ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ᠂ ︽ᠨᠢᠭᠡ ᠬᠡᠰᠡᠭ ᠲᠤ ᠨᠢᠭᠡ ᠠᠷᠭ᠎ᠠ ᠪᠣᠳᠣᠯᠭ᠎ᠠ︾ ᠶᠢᠨ ᠵᠠᠷᠴᠢᠮ ᠶᠣᠰᠣᠭᠠᠷ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠬᠤᠯᠪᠣᠭᠠᠯᠠᠨ ᠬᠥᠳᠡᠯᠦᠯᠴᠡᠬᠦ᠂ ᠴᠠᠭ ᠲᠤᠬᠠᠶ ᠳᠤ ᠨᠢ ᠰᠠᠯᠭᠠᠵᠤ ᠬᠥᠲᠥᠯᠦᠨ ᠵᠢᠯᠣᠭᠤᠳᠬᠤ ᠶᠢ ᠴᠢᠩᠭᠠᠷᠠᠭᠤᠯᠤᠨ᠂ ᠰᠦᠶᠳᠬᠡᠯ ᠬᠤᠷᠢᠶᠠᠬᠤ ᠦᠷᠲᠡᠭᠡ ᠶᠢᠨ ᠵᠠᠮ ᠢ ᠪᠦᠬᠦᠨ ᠢ ᠨᠡᠪᠲᠡᠷᠡᠭᠦᠯᠬᠦ ᠶᠢ ᠠᠬᠢᠭᠤᠯᠵᠤ᠂ ᠰᠦᠶᠳᠬᠡᠯ ᠬᠤᠷᠢᠶᠠᠬᠤ ᠥᠷᠲᠡᠭᠡ ᠶᠢᠨ ᠬᠠᠮᠤᠭ ᠤᠨ ᠶᠡᠭᠡ ᠨᠡᠪᠲᠡᠷᠡᠬᠦ ᠴᠢᠳᠠᠪᠤᠷᠢ ᠶᠢ ᠪᠠᠲᠤᠯᠠᠬᠤ ᠶᠢᠨ ᠬᠠᠮᠲᠤ᠂ ᠲᠦᠷ ᠴᠠᠭ ᠤᠨ ᠲᠡᠷᠭᠡ ᠬᠥᠰᠬᠡ ᠶᠢᠨ ᠠᠪᠤᠷᠠᠨ ᠲᠤᠰᠠᠯᠠᠬᠤ ᠴᠡᠭ᠂ ᠵᠠᠮ ᠤᠨ ᠰᠠᠭᠠᠳ ᠢ ᠠᠷᠢᠯᠭᠠᠬᠤ ᠲᠡᠷᠭᠡ ᠶᠢ ᠨᠢᠭᠲᠠᠷᠠᠭᠤᠯᠵᠤ᠂ ᠭᠤᠣᠯ ᠱᠤᠭᠤᠮ ᠤᠨ ᠰᠠᠭᠠᠳ ᠦᠭᠡᠢ ᠨᠡᠪᠲᠡᠷᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠪᠠ᠃ ᠪᠠᠶᠠᠷ ᠤᠨ ᠡᠳᠦᠷ ᠤᠨ ᠬᠤᠭᠤᠴᠠᠭᠠᠨ ᠳᠤ᠂ ᠵᠠᠮ ᠤᠨ ᠲᠣᠤᠷ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠲᠣᠬᠢᠷᠠᠭᠤᠯᠵᠤ ᠰᠤᠳᠤᠯᠤᠨ ᠮᠠᠭᠠᠳᠯᠠᠬᠤ ᠪᠠᠶᠢᠴᠠᠭᠠᠯᠲᠠ ᠶᠢ ᠴᠢᠩᠭᠠᠳᠬᠠᠵᠤ᠂ ᠭᠤᠷᠪᠠᠨ ᠬᠡᠲᠦᠷᠡᠬᠦ‍ ᠨᠢᠭᠡ ᠶᠠᠳᠠᠷᠠᠬᠤ᠂ ᠵᠤᠭᠠᠴᠠᠯ ᠤᠨ ᠣᠩᠭᠤᠴᠠ ᠵᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ 12328 ᠦᠶᠯᠡᠴᠢᠯᠡᠭᠡᠨ ᠤ ᠬᠠᠯᠠᠮᠰᠢᠯ ᠤᠲᠠᠰᠤ ᠶᠢ ᠰᠠᠭᠠᠳ ᠥᠬᠡᠶ ᠨᠡᠪᠲᠡᠷᠡᠭᠦᠯᠬᠦ ᠶᠢ ᠪᠠᠲᠤᠯᠠᠵᠤ᠂ ᠠᠶᠠᠨᠴᠢᠳ ᠤᠨ ᠵᠥᠭᠡᠭᠡᠪᠦᠷᠢ ᠶᠢᠨ ᠬᠦᠶᠰᠦ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠠᠯᠠᠮᠰᠢᠯ ᠬᠤᠳᠠᠯᠳᠤᠭᠠᠨ ᠤ ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠲᠡᠭᠡᠭᠡᠪᠦᠷᠢ ᠶᠢᠨ ᠬᠦᠴᠦᠨ ᠤ ᠣᠷᠣᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠲᠣᠬᠢᠷᠠᠭᠤᠯᠤᠯᠲᠠ ᠶᠢ ᠴᠢᠩᠭᠠᠳᠬᠠᠵᠤ᠂ ᠬᠦᠶᠰᠦ ᠲᠠᠯᠠᠪᠤᠷ ᠥᠷᠲᠡᠭᠡ ᠬᠢᠭᠡᠳ ᠡᠭᠡᠯᠵᠢ ᠶᠢᠨ ᠱᠤᠭᠤᠮ ᠤᠨ ᠠᠶᠠᠨᠴᠢᠳ ᠤᠨ ᠵᠥᠭᠡᠭᠡᠪᠦᠷᠢ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠲᠡᠮᠦᠷ ᠵᠠᠮᠲᠤ ᠵᠠᠮ ᠬᠠᠷᠢᠯᠴᠠᠭ᠎ᠠ᠂ ᠲᠦᠷᠢᠶᠡᠰᠦᠨ ᠮᠠᠰᠢᠨ ᠲᠡᠷᠭᠡᠨ ᠤ ᠵᠣᠬᠢᠴᠠᠭᠤᠯᠤᠨ ᠨᠡᠪᠲᠡᠷᠡᠯᠴᠡᠬᠦ ᠶᠢ ᠴᠢᠩᠭᠠᠳᠬᠠᠵᠤ᠂ 7 × 24 ᠴᠠᠭ ᠢᠶᠠᠷ ᠵᠢᠵᠢᠭᠦᠷᠯᠡᠬᠦ ᠲᠦᠷᠢᠮ ᠵᠡᠷᠭᠡ ᠶᠢ ᠴᠢᠩᠭ᠎ᠠ ᠨᠠᠶᠢᠳᠠᠪᠤᠷᠢᠵᠢᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号