︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠎ᠠ — 110 ᠤᠯᠤᠰ ᠤᠨ ᠵᠠᠮ ᠤᠨ ᠳ᠋ᠧᠩᠺᠸᠤ  ᠶᠢᠨ ᠬᠠᠲᠤᠨ ᠭᠤᠤᠯ ᠤᠨ ᠶᠡᠭᠡ ᠬᠥᠭᠦᠷᠭᠡ ᠶᠢᠨ ᠭᠤᠤᠯ ᠬᠥᠭᠦᠷᠭᠡ ᠶᠢᠨ ᠲᠤᠯᠭᠠᠭᠤᠷ ᠢ ᠪᠦᠬᠦᠨ ᠢ ᠪᠠᠷᠢᠵᠤ ᠳᠠᠭᠤᠰᠬᠠᠪᠠ
ᠨᠡᠶᠢᠲᠡᠯᠡᠭᠰᠡᠨ ᠴᠠᠭ᠄
2025/5/8
20250508-1.jpg
 
20250508-2.jpg
    5 ᠳ᠋ᠤᠭᠠᠷ ᠰᠠᠷ᠎ᠠ ᠶᠢᠨ 6 ᠤ ᠡᠳᠦᠷ᠂ ᠬᠠᠮᠤᠭ ᠰᠡᠭᠦᠯᠴᠢ ᠶᠢᠨ ᠨᠢᠭᠡ ᠲᠡᠷᠭᠡ ᠪᠧᠲ᠋ᠤᠨ ᠢ ᠤᠷᠤᠭᠰᠢᠲᠠᠶ ᠪᠠᠷ ᠬᠡᠪ ᠲᠤ ᠣᠷᠣᠬᠤ ᠶᠢ ᠳᠠᠭᠠᠯᠳᠤᠨ᠂ 110 ᠤᠯᠤᠰ ᠤᠨ ᠵᠠᠮ ᠤᠨ ᠳ᠋ᠧᠩᠺᠸᠤ ᠶᠢᠨ ᠬᠠᠲᠤᠨ ᠭᠤᠤᠯ ᠤᠨ ᠶᠡᠭᠡ ᠬᠥᠭᠦᠷᠭᠡ ᠶᠢᠨ ᠲᠥᠷᠥᠯ ᠵᠦᠶᠯ ᠤᠨ ᠭᠤᠤᠯ ᠬᠥᠭᠦᠷᠭᠡ ᠶᠢᠨ 29 ᠳ᠋ᠦ᠋ᠭᠡᠷ ᠨᠣᠮᠧᠷᠲᠤ ᠲᠤᠯᠭᠠᠭᠤᠷ ᠢ ᠴᠢᠳᠬᠤᠵᠤ ᠳᠠᠭᠤᠰᠬᠠᠪᠠ᠃ ᠢᠩᠭᠢᠭᠡᠳ᠂ ᠲᠥᠷᠥᠯ ᠵᠦᠶᠯ ᠤᠨ ᠭᠤᠤᠯ ᠬᠥᠭᠦᠷᠭᠡ ᠶᠢᠨ 11 ᠲᠤᠯᠭᠠᠭᠤᠷ ᠢ ᠴᠢᠳᠬᠤᠬᠤ ᠡᠭᠦᠷᠭᠡ  ᠪᠠᠨ ᠪᠦᠬᠦᠨ ᠢ ᠪᠡᠶᠡᠯᠡᠭᠦᠯᠵᠦ᠂ ᠪᠥᠬᠦ ᠲᠠᠯ᠎ᠠ ᠪᠠᠷ 0 ᠳ᠋ᠤᠭᠠᠷ ᠬᠡᠰᠡᠭ ᠤᠨ ᠪᠠᠷᠢᠯᠭ᠎ᠠ ᠶᠢᠨ ᠱᠠᠲᠤᠨ ᠳᠤ ᠣᠷᠣᠵᠤ᠂ ᠳᠠᠷᠠᠭᠠᠴᠢ ᠶᠢᠨ ᠳᠡᠭᠡᠳᠦ ᠬᠡᠰᠡᠭ ᠤᠨ ᠪᠦᠲᠦᠴᠡ ᠶᠢᠨ ᠪᠠᠷᠢᠯᠭ᠎ᠠ ᠶᠢᠨ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃     110 ᠤᠯᠤᠰ ᠤᠨ ᠵᠠᠮ ᠤᠨ ᠳ᠋ᠸᠡᠭᠺᠸᠤ ᠶᠢᠨ ᠬᠠᠲᠤᠨ ᠭᠤᠣᠯ ᠤᠨ ᠶᠡᠭᠡ ᠬᠥᠭᠦᠷᠭᠡ ᠶᠢᠨ ᠪᠦᠬᠦ ᠣᠷᠳᠣ ᠨᠢ 3098 ᠮᠧᠲᠷ᠂ ᠭᠤᠣᠯ ᠬᠥᠭᠦᠷᠭᠡ ᠶᠢᠨ ᠲᠤᠯᠭᠠᠭᠤᠷ ᠤᠨ ᠬᠠᠮᠤᠭ ᠶᠡᠭᠡ ᠠᠯᠭᠠᠰᠠᠯ ᠨᠢ 130 ᠮᠧᠲᠷ ᠪᠠᠶᠢᠵᠤ᠂ ᠭᠤᠣᠯ ᠬᠥᠭᠦᠷᠭᠡ ᠶᠢᠨ ᠭᠤᠣᠯ ᠲᠤᠯᠭᠠᠭᠤᠷ ᠨᠢ C40 ᠪᠧᠲ᠋ᠤᠨ ᠢ ᠬᠡᠷᠡᠭᠯᠡᠵᠦ᠂ ᠲᠥᠯᠥᠪᠯᠡᠭᠰᠡᠨ ᠳᠥᠷᠪᠡᠯᠵᠢᠨ ᠤ ᠬᠡᠮᠵᠢᠶ᠎ᠡ ᠨᠢ 11741.2 ᠲᠡᠭᠰᠢ ᠳᠥᠷᠪᠡᠯᠵᠢᠨ ᠪᠣᠯᠤᠨ᠎ᠠ᠃ ᠵᠡᠭᠦᠨ ᠪᠠᠷᠠᠭᠤᠨ ᠬᠤᠶᠠᠷ ᠲᠤᠯᠭᠠᠭᠤᠷ ᠶᠢᠨ ᠪᠠᠭᠠᠨ᠎ᠠ ᠶᠢ ᠬᠡᠪ ᠤᠷᠪᠠᠭᠤᠯᠬᠤ ᠠᠷᠭ᠎ᠠ ᠪᠠᠷ ᠪᠠᠷᠢᠬᠤ ᠮᠡᠷᠭᠡᠵᠢᠯ ᠢ ᠬᠡᠷᠡᠭᠯᠡᠵᠦ᠂ ᠨᠡᠶᠢᠲᠡ 4 - 5 ᠤᠳᠠᠭ᠎ᠠ ᠬᠤᠪᠢᠶᠠᠵᠤ ᠴᠢᠳᠬᠤᠨ᠎ᠠ᠃ ᠭᠤᠤᠯ ᠲᠤᠯᠭᠠᠭᠤᠷ ᠶᠢᠨ ᠪᠠᠷᠢᠯᠭ᠎ᠠ ᠶᠢᠨ ᠠᠵᠢᠯ ᠢ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠨᠢ ᠤᠷᠢᠳᠴᠢᠯᠠᠨ ᠲᠥᠯᠥᠪᠯᠡᠵᠦ᠂ ᠪᠠᠷᠢᠯᠭ᠎ᠠ ᠶᠢᠨ ᠠᠵᠢᠯ ᠤᠨ ᠲᠥᠰᠦᠯ ᠢ ᠨᠠᠶᠢᠷᠠᠭᠤᠯᠤᠨ ᠵᠣᠬᠢᠶᠠᠬᠤ᠂ ᠡᠳ᠋ ᠪᠣᠳᠠᠰ ᠲᠥᠬᠦᠭᠡᠷᠦᠮᠵᠢ  ᠶᠢᠨ ᠪᠠᠲᠤᠯᠠᠭ᠎ᠠ᠂ ᠪᠠᠷᠢᠯᠭ᠎ᠠ ᠶᠢᠨ ᠠᠵᠢᠯ ᠤᠨ ᠬᠠᠮᠵᠢᠯᠴᠠᠬᠤ ᠬᠠᠷᠢᠴᠠᠯ ᠢ ᠰᠢᠯᠢᠳᠡᠭᠵᠢᠭᠦᠯᠬᠦ᠂ ᠠᠵᠢᠯᠲᠠᠨ ᠢ ᠵᠣᠬᠢᠶᠠᠨ ᠪᠠᠶᠢᠭᠤᠯᠵᠤ ᠲᠣᠬᠢᠷᠠᠭᠤᠯᠬᠤ ᠵᠡᠷᠭᠡ ᠶᠢ ᠨᠢᠭᠡᠳ ᠨᠢᠭᠡ ᠪᠠᠷ ᠨᠠᠷᠢᠯᠢᠭᠵᠢᠭᠤᠯᠤᠨ᠂ ᠪᠠᠷᠢᠯᠭ᠎ᠠ ᠶᠢᠨ ᠠᠵᠢᠯ ᠤᠨ ᠴᠤᠪᠤᠷᠠᠯ ᠢ ᠵᠦᠶ ᠵᠣᠬᠢᠰᠲᠠᠶ ᠳᠣᠭᠢᠷᠠᠭᠤᠯᠵᠤ᠂ ᠴᠢᠳᠬᠤᠬᠤ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃     110 ᠤᠯᠤᠰ ᠤᠨ ᠵᠠᠮ ᠤᠨ ᠳ᠋ᠧᠩᠺᠸᠤ ᠶᠢᠨ ᠬᠠᠲᠤᠨ ᠭᠤᠤᠯ ᠤᠨ ᠶᠡᠭᠡ ᠬᠥᠭᠦᠷᠭᠡ ᠶᠢᠨ ᠲᠥᠷᠥᠯ ᠵᠦᠶᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠤᠷ ᠤᠨ ᠲᠥᠯᠥᠪᠵᠢᠭᠦᠯᠭᠡ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠬᠦ᠂ ᠣᠷᠣᠨ ᠪᠦᠰᠡ ᠶᠢᠨ ᠭᠤᠤᠯ ᠱᠤᠭᠤᠮ  ᠤᠨ ᠲᠣᠤᠷ ᠤᠨ ᠨᠡᠪᠲᠡᠷᠡᠬᠦ ᠴᠢᠳᠠᠪᠤᠷᠢ ᠪᠠ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠲᠥᠷᠥᠯ ᠵᠦᠶᠯ  ᠤᠨ ᠪᠠᠶᠢᠭ᠎ᠠ ᠭᠠᠵᠠᠷ ᠤᠨ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ ᠭᠤᠤᠯ ᠳᠠᠭᠠᠤ ᠶᠢᠨ ᠰᠠᠪᠠ ᠭᠠᠵᠠᠷ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号