︽2024 ᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢ | ᠦᠨᠡᠯᠡᠬᠦ ᠠᠵᠢᠯ ᠢ ᠰᠠᠶᠢᠲᠤᠷ ᠬᠢᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ | ᠮᠡᠳᠡᠭᠳᠡᠯ︾ ᠤᠨ ᠱᠠᠭᠠᠷᠳᠠᠯᠭ᠎ᠠ ᠪᠠ ᠬᠠᠮᠢᠶ᠎ᠠ ᠪᠥᠬᠦᠶ ᠢᠲᠡᠭᠡᠮᠵᠢ ᠶᠢ ᠦᠨᠡᠯᠡᠬᠦ ᠲᠦᠷᠢᠮ ᠶᠣᠰᠣᠭᠠᠷ᠂ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠪᠥᠬᠦ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢ | ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠠᠵᠤ ᠠᠬᠤᠶᠢᠯᠠᠯ ᠪᠠ ᠬᠢᠨᠠᠨ ᠬᠠᠮᠢᠶᠠᠷᠬᠤ | ᠢᠨᠵᠧᠨᠧᠷ ᠤᠨ ᠢᠲᠡᠭᠡᠮᠵᠢ ᠶᠢ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 147 ᠠᠵᠢᠯ | ᠡᠷᠭᠢᠯᠡᠬᠦ ᠠᠵᠤ ᠠᠬᠤᠶᠢᠯᠠᠯ ᠪᠠ 367 ᠠᠵᠢᠯ ᠡᠷᠭᠢᠯᠡᠭᠰᠡᠳ ᠢᠲᠡᠭᠡᠮᠵᠢ ᠶᠢᠨ ᠦᠨᠡᠯᠡᠯᠲᠡ ᠳᠤ ᠣᠷᠣᠯᠴᠠᠪᠠ᠂ ᠡᠭᠦᠨ | ᠳᠤ 54 ᠠᠵᠤ ᠠᠬᠤᠶᠢᠯᠠᠯ ᠨᠢ AA ᠲᠠᠰ ᠢᠶᠠᠷ ᠦᠨᠡᠯᠡᠭᠳᠡᠵᠦ᠂ 36.7% ᠶᠢ ᠡᠵᠡᠯᠡᠨ᠎ᠡ︔ A ᠲᠡᠰ ᠤᠨ ᠠᠵᠤ | ᠠᠬᠤᠶᠢᠯᠠᠯ 90᠂ B ᠲᠡᠰ ᠤᠨ ᠠᠵᠤ ᠠᠬᠤᠶᠢᠯᠠᠯ 3 ᠪᠤᠢ︔ 8 ᠠᠵᠢᠯ ᠡᠷᠭᠢᠯᠡᠭᠰᠡᠳ ᠤᠨ ᠢᠲᠡᠭᠡᠮᠵᠢ ᠶᠢᠨ | ᠬᠤᠪᠢ ᠶᠢ ᠬᠠᠰᠤᠪᠠ᠃ | ᠡᠨᠡ ᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ 2024 ᠣᠨ ᠤ 12 ᠳ᠋ᠤᠭᠠᠷ ᠰᠠᠷ᠎ᠠ ᠶᠢᠨ ᠰᠢᠨᠡᠳ ᠢᠶᠠᠷ ︽2024 ᠣᠨ ᠤ ᠵᠠᠰᠠᠮᠠᠯ | ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢ ᠦᠨᠡᠯᠡᠬᠦ ᠠᠵᠢᠯ ᠢ ᠰᠠᠶᠢᠲᠤᠷ ᠬᠢᠬᠦ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠦᠨᠡᠯᠡᠬᠦ ᠬᠡᠪᠴᠢᠶ᠎ᠡ᠂ ᠦᠨᠡᠯᠡᠬᠦ ᠦᠨᠳᠦᠰᠦᠯᠡᠯ᠂ ᠮᠠᠭᠠᠳᠯᠠᠨ | ᠲᠣᠭᠲᠠᠭᠠᠬᠤ ᠪᠠᠷᠢᠮᠵᠢᠶ᠎ᠠ᠂ ᠡᠬᠡ ᠲᠠᠩᠰᠠ ᠶᠢᠨ ᠬᠡᠷᠡᠭᠯᠡᠯᠲᠡ᠂ ᠦᠨᠡᠯᠡᠬᠦ ᠴᠠᠭ ᠤᠨ ᠬᠢᠵᠠᠭᠠᠷ᠂ ᠳᠠᠬᠢᠨ ᠬᠢᠨᠠᠵᠤ | ᠬᠤᠷᠢᠶᠠᠩᠭᠤᠶᠢᠯᠠᠬᠤ ᠵᠡᠷᠭᠡ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠤ ᠬᠠᠮᠲᠤ᠂ ᠲᠤᠭ᠎ᠠ ᠪᠠᠷᠢᠮᠲᠠ ᠶᠢ | ᠴᠢᠩᠭ᠎ᠠ ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠣᠨ ᠤ ᠪᠥᠲᠥᠭᠡᠨ ᠪᠠᠶᠢᠭᠤᠯᠤᠯᠲᠠ ᠶᠢᠨ | ᠲᠥᠯᠥᠪᠯᠡᠭᠡ ᠪᠠ ᠡᠯ᠎ᠡ ᠲᠥᠷᠥᠯ ᠤᠨ ᠰᠢᠮᠳᠠᠭᠤᠯᠤᠨ ᠪᠠᠶᠢᠴᠠᠭᠠᠭᠰᠠᠨ᠂ ᠪᠠᠶᠢᠴᠠᠭᠠᠭᠰᠠᠨ ᠦᠷ᠎ᠡ ᠳ᠋ᠦᠩ ᠢ | ᠬᠠᠷᠭᠤᠭᠤᠯᠤᠨ ᠮᠡᠳᠡᠭᠡᠯᠡᠵᠦ᠂ ᠭᠦᠶᠴᠡᠳ ᠰᠠᠨᠠᠯ ᠬᠤᠷᠢᠶᠠᠪᠠ᠃ ᠡᠭᠦᠨ ᠠᠴᠠ ᠭᠠᠳᠠᠨ᠎ᠠ᠂ ᠢᠲᠡᠭᠡᠮᠵᠢ ᠶᠢ | ᠦᠨᠡᠯᠡᠬᠦ ᠬᠤᠤᠰ ᠠᠯᠪᠠᠨ ᠵᠠᠷᠯᠠᠯ ᠤᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠡᠯᠡᠯᠲᠡ ᠳᠤ | ᠣᠷᠣᠯᠴᠠᠭᠰᠠᠨ ᠠᠵᠤ ᠠᠬᠤᠶᠢᠯᠠᠯ᠂ ᠠᠵᠢᠯᠲᠠᠨ᠂ ᠦᠷ᠎ᠡ ᠳ᠋ᠦᠩ ᠢ ᠲᠣᠭᠲᠠᠭᠰᠠᠨ ᠲᠠᠰ ᠳᠠᠷᠠᠭᠠᠯᠠᠯ᠂ ᠠᠭᠤᠯᠭ᠎ᠠ᠂ | ᠴᠠᠭ ᠤᠨ ᠬᠢᠵᠠᠭᠠᠷ᠂ ᠨᠡᠶᠢᠲᠡᠯᠡᠬᠦ ᠵᠠᠭᠤᠴᠢᠯᠠᠭᠤᠷ ᠢᠶᠠᠷ ᠨᠡᠶᠢᠲᠡ ᠳᠤ ᠵᠠᠷᠯᠠᠵᠤ᠂ ᠵᠠᠷᠯᠠᠨ ᠨᠡᠶᠢᠲᠡᠯᠡᠵᠦ᠂ ᠨᠡᠶᠢᠭᠡᠮ ᠤᠨ | ᠡᠯ᠎ᠡ ᠡᠲᠡᠭᠡᠳ ᠤᠨ ᠬᠢᠨᠠᠯᠲᠠ ᠶᠢ ᠪᠥᠬᠦ ᠲᠠᠯ᠎ᠠ ᠪᠠᠷ ᠬᠦᠯᠢᠶᠡᠪᠡ᠃ ᠦᠨᠡᠯᠡᠭᠰᠡᠨ ᠦᠷ᠎ᠡ ᠳ᠋ᠦᠩ ᠤᠨ ᠲᠠᠷᠬᠠᠯᠲᠠ ᠶᠢᠨ | ᠪᠠᠶᠢᠳᠠᠯ ᠠᠴᠠ ᠦᠵᠡᠪᠡᠯ᠂ ᠪᠥᠬᠦ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠡᠷᠭᠢᠯᠡᠬᠦ ᠠᠵᠤ ᠠᠬᠤᠶᠢᠯᠠᠯ | ᠪᠣᠯᠤᠨ ᠠᠵᠢᠯ ᠡᠷᠭᠢᠯᠡᠭᠰᠡᠳ ᠤᠨ ᠢᠲᠡᠭᠡᠮᠵᠢ ᠶᠢᠨ ᠪᠠᠶᠢᠳᠠᠯ ᠦᠨᠳᠦᠰᠦᠨ ᠳᠤ ᠪᠠᠨ ᠰᠠᠶᠢᠨ ᠪᠠᠶᠢᠵᠤ᠂ ᠬᠦᠨᠳᠦ | ᠨᠣᠴᠢᠲᠠᠶ ᠢᠲᠡᠭᠡᠯ ᠠᠯᠳᠠᠭᠰᠠᠨ ᠠᠰᠠᠭᠤᠳᠠᠯ ᠭᠠᠷᠤᠭᠰᠠᠨ ᠥᠬᠡᠶ᠃ | ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠠᠰᠠᠮᠠᠯ ᠵᠠᠮ ᠤᠨ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠲᠡᠭᠡᠮᠵᠢ ᠶᠢ ᠦᠨᠡᠯᠡᠵᠦ ᠤᠷᠮᠠᠰᠢᠭᠤᠯᠬᠤ ᠪᠠ | ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠢᠲᠡᠭᠡᠮᠵᠢ ᠶᠢᠨ ᠬᠠᠮᠢᠶᠠᠷᠤᠯᠲᠠ ᠪᠠ ᠬᠡᠷᠡᠭᠯᠡᠯᠲᠡ ᠶᠢ ᠦᠷᠭᠦᠯᠵᠢᠯᠡᠨ ᠴᠢᠩᠭᠠᠳᠬᠠᠵᠤ᠂ ᠵᠠᠰᠠᠮᠠᠯ | ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠥᠪᠡᠷᠲᠡᠭᠡᠨ | ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠰᠠᠶᠢᠨ ᠰᠠᠶᠢᠬᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ | ᠶᠢᠨ ᠵᠠᠬ᠎ᠠ ᠳᠡᠯᠭᠡᠭᠦᠷ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ |