︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠎ᠠ — ᠮᠠᠨ ᠤ ᠣᠷᠣᠨ ᠭᠤᠷᠪᠠᠨ ᠥᠩᠭᠡ ᠶᠢᠨ ᠺᠣᠳ᠋ ᠢ ᠬᠡᠷᠡᠭᠵᠢᠭᠦᠯᠵᠦ ︽ᠬᠤᠶᠠᠷ ᠠᠶᠠᠨᠴᠢᠳ ᠤᠨ ᠲᠡᠭᠡᠭᠡᠪᠦᠷᠢ ᠪᠣᠯᠤᠨ ᠨᠢᠭᠡ ᠠᠶᠤᠯᠲᠠᠶ ᠪᠣᠳᠠᠰ ᠤᠨ ᠲᠡᠭᠡᠭᠡᠪᠦᠷᠢ︾ ᠶᠢᠨ ᠮᠠᠰᠢᠨ ᠲᠡᠷᠭᠡ ᠶᠢ ᠣᠶᠤᠨᠴᠢ ᠪᠠᠷ ᠬᠢᠨᠠᠨ ᠬᠠᠮᠢᠶᠠᠷᠬᠤ ᠪᠠᠷ ᠪᠣᠶ
ᠨᠡᠶᠢᠲᠡᠯᠡᠭᠰᠡᠨ ᠴᠠᠭ᠄
2025/5/9
    ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽ᠬᠤᠶᠠᠷ ᠠᠶᠠᠨᠴᠢᠳ ᠤᠨ ᠲᠡᠭᠡᠭᠡᠪᠦᠷᠢ ᠪᠣᠯᠤᠨ ᠨᠢᠭᠡ ᠠᠶᠤᠯᠲᠠᠶ ᠪᠣᠳᠠᠰ ᠤᠨ ᠲᠡᠭᠡᠭᠡᠪᠦᠷᠢ︾ ᠶᠢᠨ ᠮᠠᠰᠢᠨ ᠲᠡᠷᠭᠡ ᠶᠢ ᠬᠥᠳᠡᠯᠦᠩᠭᠦᠶ ᠪᠠᠷ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠡᠬᠢᠯᠡᠭᠦᠯᠪᠡ᠃     ᠲᠣᠰ ᠤᠳᠠᠭᠠᠨ ᠤ ᠠᠵᠢᠯᠯᠠᠭ᠎ᠠ ᠨᠢ ᠪᠥᠬᠦ ᠣᠷᠣᠨ ᠤ 2 ᠲᠦᠮᠡ ᠭᠠᠷᠤᠶ ᠵᠢᠭᠤᠯᠴᠢᠯᠠᠯ ᠤᠨ ᠳᠠᠭᠠᠭᠠᠴᠢᠯᠠᠭᠰᠠᠨ ᠮᠠᠰᠢᠨ ᠲᠡᠷᠭᠡ᠂ ᠬᠤᠯᠠ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠮᠠᠰᠢᠨ ᠲᠡᠷᠭᠡ ᠪᠣᠯᠤᠨ ᠠᠶᠤᠯᠲᠠᠶ ᠪᠣᠳᠠᠰ ᠲᠡᠭᠡᠭᠡᠪᠦᠷᠢᠯᠡᠬᠦ ᠮᠠᠰᠢᠨ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠷᠭᠡ ᠬᠥᠰᠬᠡ ᠶᠢᠨ 20 ᠭᠠᠷᠤᠶ ᠵᠦᠶᠯ ᠤᠨ ᠠᠵᠢᠯᠯᠠᠭᠠᠨ ᠤ ᠭᠦᠶᠴᠡᠳᠬᠡᠯ ᠲᠤᠭ᠎ᠠ ᠶᠢ ᠴᠠᠭ ᠲᠤᠬᠠᠶ ᠳᠤ ᠨᠢ ᠬᠢᠨᠠᠨ ᠬᠡᠮᠵᠢᠬᠦ᠂ ᠰᠢᠰᠲ᠋ᠧᠮ ᠨᠢ ᠠᠦ᠋ᠲ᠋ᠣ᠋ ᠪᠠᠷ ᠠᠶᠤᠯ ᠲᠦᠭᠰᠢᠭᠦᠷᠢ ᠶᠢᠨ ᠳᠠᠯᠳᠠ ᠬᠡᠮ ᠢ ᠢᠯᠭᠠᠨ ᠲᠠᠨᠢᠬᠤ ᠶᠢᠨ ᠬᠠᠮᠲᠤ ︽ᠤᠯᠠᠭᠠᠨ ᠰᠢᠷ᠎ᠠ ᠨᠣᠭᠤᠭᠠᠨ︾ ᠤ ᠠᠶᠤᠯ ᠲᠦᠭᠰᠢᠭᠦᠷᠢ ᠶᠢᠨ ᠲᠠᠰ ᠢ ᠣᠯᠭᠤᠵᠤ᠂        ︽ᠰᠠᠨᠠᠭᠠᠴᠢᠯᠠᠭ᠎ᠠ ᠥᠬᠡᠶ ᠪᠠᠷ ᠰᠢᠶᠳᠪᠦᠷᠢᠯᠡᠬᠦ︾ ᠠᠴᠠ ︽ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠭᠡᠶᠢᠯᠡᠬᠦ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠪᠡ᠃ ᠲᠤᠰᠬᠠᠶ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠡᠯ᠎ᠡ ᠠᠶᠢᠮᠠᠭ ᠬᠤᠲᠠ ᠨᠢᠭᠡᠨᠲᠡ ᠪᠥᠬᠦ ᠣᠷᠣᠨ ᠤ ︽ᠬᠤᠶᠠᠷ ᠠᠶᠠᠨᠴᠢᠳ ᠤᠨ ᠲᠡᠭᠡᠭᠡᠪᠦᠷᠢ ᠪᠣᠯᠤᠨ ᠨᠢᠭᠡ ᠠᠶᠤᠯᠲᠠᠶ ᠪᠣᠳᠠᠰ ᠤᠨ ᠲᠡᠭᠡᠭᠡᠪᠦᠷᠢ︾ ᠶᠢᠨ ᠮᠠᠰᠢᠨ  ᠲᠡᠷᠭᠡᠨ ᠤ ᠰᠠᠭᠤᠷᠢ ᠮᠡᠳᠡᠭᠡ ᠵᠠᠩᠭᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠠᠵᠢᠯ ᠢ ᠪᠡᠶᠡᠯᠡᠭᠦᠯᠵᠦ᠂ ᠲᠤᠭ᠎ᠠ ᠪᠠᠷᠢᠮᠲᠠ ᠨᠢ ᠬᠡᠪ  ᠤᠨ ᠪᠤᠰᠤ ᠪᠠᠶᠢᠭ᠎ᠠ ᠮᠠᠰᠢᠨ ᠲᠡᠷᠭᠡ ᠶᠢ ᠨᠡᠶᠢᠲᠡ 1500 ᠭᠠᠷᠤᠶ ᠴᠡᠭᠴᠡᠯᠡᠨ ᠵᠠᠰᠠᠵᠤ᠂ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠵᠤ᠂ ᠨᠢᠭᠡᠨᠲᠡ 3000 ᠭᠠᠷᠤᠶ ᠵᠣᠷᠪᠤᠰ ᠮᠠᠰᠢᠨ ᠲᠡᠷᠭᠡᠨ ᠤ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠰᠢᠶᠳᠪᠦᠷᠢᠯᠡᠪᠡ᠃      ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠨ ᠦᠷᠭᠦᠯᠵᠢᠯᠡᠨ ᠴᠢᠩᠭᠠᠳᠬᠠᠬᠤ ᠪᠠᠷ ᠳᠠᠮᠵᠢᠭᠤᠯᠤᠨ᠂ ᠭᠤᠤᠯᠳᠠᠯᠭ᠎ᠠ ᠲᠠᠢ ᠲᠡᠷᠭᠡ ᠬᠥᠰᠬᠡ ᠶᠢᠨ ᠬᠤᠷᠳᠤᠴᠠ ᠶᠢ ᠬᠡᠲᠦᠷᠡᠭᠦᠯᠦᠨ ᠵᠢᠯᠣᠭᠤᠳᠬᠤ ᠪᠠ ᠶᠠᠳᠠᠷᠠᠭᠤ ᠪᠠᠷ ᠲᠡᠷᠭᠡ ᠵᠢᠯᠣᠭᠤᠳᠬᠤ ᠦᠶᠯᠡ ᠠᠵᠢᠯᠯᠠᠭ᠎ᠠ ᠡᠭᠦᠰᠬᠦ ᠳᠠᠪᠲᠠᠮᠵᠢ ᠶᠢ ᠨᠢᠭᠡᠨᠲᠡ ᠪᠦᠲᠦᠮᠵᠢᠲᠡᠶ ᠪᠠᠭᠤᠷᠠᠭᠤᠯᠪᠠ᠂ ᠬᠠᠮᠤᠭ ᠤᠨ ᠰᠢᠨ᠎ᠡ ᠪᠦᠷᠢᠳᠬᠡᠯ ᠤᠨ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ ᠲᠡᠷᠭᠡ ᠬᠥᠰᠬᠡ ᠶᠢᠨ ᠬᠤᠷᠳᠤᠴᠠ ᠬᠡᠲᠦᠷᠡᠭᠰᠡᠨ ᠤᠳᠠᠭ᠎ᠠ ᠨᠢ ᠠᠳᠠᠯᠢ ᠬᠤᠭᠤᠴᠠᠭᠠᠨ ᠤ ᠬᠢ ᠠᠴᠠ 73% ᠪᠠᠷ ᠪᠠᠭᠤᠷᠠᠵᠤ᠂ ᠶᠠᠳᠠᠷᠠᠭᠤ ᠪᠠᠷ ᠲᠡᠷᠭᠡ ᠵᠢᠯᠣᠭᠤᠳᠬᠤ ᠴᠠᠭ ᠢ 90% ᠪᠠᠷ ᠪᠣᠭᠤᠨᠢᠰᠬᠠᠪᠠ᠂ ᠡᠨᠡ ᠬᠤᠶᠠᠷ ᠵᠦᠶᠯ ᠤᠨ ᠵᠠᠩᠭᠢᠯᠠᠭ᠎ᠠ  ᠶᠢᠨ ᠠᠮᠤᠷ ᠲᠦᠪᠰᠢᠨ ᠤ ᠭᠦᠶᠴᠡᠳᠬᠡᠯ ᠲᠤᠭ᠎ᠠ ᠨᠢ ᠴᠥᠮ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠠᠪᠠᠭᠤᠯᠢᠭ ᠪᠠᠶᠢᠨ᠎ᠠ᠃     7 ᠳ᠋ᠤᠭᠠᠷ ᠰᠠᠷ᠎ᠠ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠲᠥᠷᠥᠯ ᠪᠠ ᠱᠠᠲᠤ ᠬᠤᠪᠢᠶᠠᠨ ᠬᠢᠨᠠᠨ ᠬᠠᠮᠢᠶᠠᠷᠬᠤ ᠰᠢᠨ᠎ᠡ ᠲᠣᠭᠲᠠᠴᠠ ᠶᠢ ᠵᠢᠩᠬᠢᠨᠢ ᠪᠠᠷ ᠬᠡᠷᠡᠭᠵᠢᠭᠦᠯᠦᠨ᠎ᠡ᠃ ᠡᠭᠦᠨ ᠳᠤ᠂ ᠤᠯᠠᠭᠠᠨ ᠺᠣᠳ᠋᠂ ᠰᠢᠷ᠎ᠠ ᠺᠣᠳ᠋ ᠲᠠᠢ ᠲᠡᠷᠭᠡ ᠳᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠡᠵᠡᠮᠳᠡᠵᠦ᠂ ᠪᠣᠬᠢᠷᠲᠤᠯ ᠥᠬᠡᠶ ᠠᠮᠤᠷ ᠲᠦᠪᠰᠢᠨ ᠤ ᠲᠡᠷᠭᠡ ᠬᠥᠰᠬᠡ ᠳᠤ ︽ᠴᠢᠬᠤᠯᠠ ᠥᠬᠡᠶ ᠪᠣᠯ ᠬᠠᠷᠰᠢᠯᠠᠬᠤ ᠥᠬᠡᠶ ᠪᠠᠶᠢᠬᠤ︾ ᠲᠥᠬᠦᠮ ᠦᠵᠡᠭᠦᠯᠬᠦ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠡᠭᠦᠨ ᠤ ᠬᠠᠮᠲᠤ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠢᠲᠡᠭᠡᠮᠵᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃     
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号