ᠤᠯᠠᠭᠠᠨᠴᠠᠪ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠲᠡᠷᠭᠡ ᠨᠡᠪᠲᠡᠷᠡᠭᠰᠡᠨ ᠵᠠᠮ ᠤᠨ ᠤᠷᠲᠤ 1.45 ᠲᠦᠮᠡᠨ ᠺᠢᠯᠦᠮᠧᠲᠷ ᠲᠤ ᠬᠦᠷᠪᠡ
ᠨᠡᠶᠢᠲᠡᠯᠡᠭᠰᠡᠨ ᠴᠠᠭ᠄
2025/6/3
    ᠣᠶᠢᠷ᠎ᠠ ᠶᠢᠨ ᠵᠢᠯ ᠤᠳ ᠲᠤ᠂ ᠤᠯᠠᠭᠠᠨᠴᠠᠪ ᠬᠤᠲᠠ ︽ᠪᠠᠶᠢᠭᠤᠯᠬᠤ᠂ ᠬᠠᠮᠢᠶᠠᠷᠬᠤ᠂ ᠠᠷᠠᠴᠢᠯᠠᠬᠤ᠂ ᠲᠡᠭᠡᠭᠡᠪᠦᠷᠢᠯᠡᠬᠦ︾ ᠳᠥᠷᠪᠡ ᠶᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠣᠳᠣᠬᠠᠨ ᠳᠤ᠂ ᠪᠥᠬᠦ ᠬᠤᠲᠠ ᠶᠢᠨ ᠲᠡᠷᠭᠡ ᠨᠡᠪᠲᠡᠷᠡᠭᠰᠡᠨ ᠪᠥᠬᠦ ᠣᠷᠳᠣ ᠨᠢ 18221 ᠺᠢᠯᠦᠮᠧᠲᠷ ᠲᠤ ᠬᠦᠷᠴᠦ᠂ ᠡᠭᠦᠨ ᠳᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠪᠥᠬᠦ ᠣᠷᠳᠣ ᠨᠢ 14585 ᠺᠢᠯᠦᠮᠧᠲᠷ ᠪᠠᠶᠢᠵᠤ᠂ ᠪᠥᠬᠦ ᠬᠤᠲᠠ ᠶᠢᠨ ᠪᠥᠬᠦ ᠵᠠᠮ ᠤᠨ ᠣᠷᠳᠣ ᠶᠢᠨ 80% ᠶᠢ ᠡᠵᠡᠯᠡᠪᠡ᠃ ᠪᠦᠬᠦ ᠬᠤᠲᠠ ᠶᠢᠨ 93 ᠰᠤᠮᠤ ᠰᠢᠶᠠᠩ ᠪᠠᠯᠭᠠᠰᠤᠨ ᠳᠤ ᠭᠤᠷᠪᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠭᠰᠡᠨ ᠬᠠᠷᠢᠴᠠᠯ 100% ᠳᠤ ᠬᠦᠷᠴᠦ᠂ 1313 ᠪᠠᠶᠢᠭᠤᠯᠤᠯᠳᠤ ᠲᠣᠰᠬᠤᠨ ᠤ ᠨᠦᠬᠦᠴᠡᠯ ᠲᠠᠢ ᠪᠠᠷ ᠬᠠᠲᠠᠭᠤᠷᠠᠭᠤᠯᠤᠭᠰᠠᠨ ᠵᠠᠮ ᠨᠡᠪᠲᠡᠷᠡᠭᠰᠡᠨ ᠨᠣᠷᠮ᠎ᠠ 100% ᠳᠤ ᠬᠦᠷᠴᠦ᠂ ᠡᠭᠦᠨ ᠳᠤ ᠪᠠᠶᠢᠭᠤᠯᠤᠯᠳᠤ ᠲᠣᠰᠬᠤᠨ ᠤ ᠬᠤᠤᠰ ᠲᠡᠷᠭᠡᠨ ᠵᠠᠮ ᠨᠡᠪᠲᠡᠷᠡᠭᠰᠡᠨ ᠵᠠᠰᠠᠮᠠᠯ ᠵᠠᠮ 636 ᠪᠠᠶᠢᠵᠤ᠂ ᠬᠤᠤᠰ ᠲᠡᠷᠭᠡᠨ ᠵᠠᠮ ᠨᠡᠪᠲᠡᠷᠡᠭᠰᠡᠨ ᠨᠣᠷᠮ᠎ᠠ 48.4 % ᠳᠤ ᠬᠦᠷᠴᠦ᠂ ᠪᠥᠬᠦ ᠬᠤᠲᠠ ᠶᠢᠨ 5622 ᠨᠡᠯᠢᠶᠡᠳ ᠶᠡᠭᠡ ᠬᠥᠮᠦᠨ ᠠᠮᠠ ᠲᠠᠢ ᠠᠶᠢᠯ ᠲᠣᠰᠬᠤᠨ ︵20 ᠡᠷᠦᠬᠡ ᠠᠴᠠ ᠳᠡᠭᠡᠭᠰᠢ︶ ᠳᠤ 5165 ᠬᠠᠲᠠᠭᠤᠷᠠᠭᠤᠯᠤᠭᠰᠠᠨ ᠵᠠᠮ ᠨᠡᠪᠲᠡᠷᠡᠭᠦᠯᠵᠦ᠂ ᠨᠡᠪᠲᠡᠷᠡᠭᠰᠡᠨ ᠨᠣᠷᠮ᠎ᠠ 91.9% ᠳᠤ ᠬᠦᠷᠴᠦ᠂ ᠨᠢᠭᠡᠨᠲᠡ ᠤᠯᠠᠭᠠᠨᠴᠠᠪ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠭᠠᠳ ᠥᠬᠡᠶ ᠨᠡᠪᠲᠡᠷᠡᠬᠦ ᠨᠣᠷᠮ᠎ᠠ 90% ᠠᠴᠠ ᠳᠡᠭᠡᠭᠰᠢ ᠳᠤ ᠬᠦᠷᠬᠦ ᠵᠢᠱᠢᠭᠰᠡᠨ ᠬᠠᠷᠠᠯᠲᠠ ᠪᠠᠨ ᠤᠷᠢᠳᠴᠢᠯᠠᠨ ᠪᠡᠶᠡᠯᠡᠭᠦᠯᠪᠡ᠃    ᠡᠭᠦᠨ ᠤ ᠬᠠᠮᠲᠤ᠂ ᠤᠯᠠᠭᠠᠨᠴᠠᠪ ᠬᠤᠲᠠ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠳᠥᠷᠪᠡᠳ ᠬᠤᠰᠢᠭᠤ ᠪᠣᠯᠤᠨ ᠱᠠᠩᠳᠤ ᠰᠢᠶᠠᠨ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠠᠮᠵᠢᠯᠲᠠ ᠲᠠᠢ ᠪᠠᠶᠢᠭᠤᠯᠪᠠ᠃ ︵ᠵᠠᠩ ᠭᠥᠸᠧ ᠸᠧᠢ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号