ᠬᠥᠯᠥᠨ ᠪᠣᠶᠢᠷ ᠬᠤᠲᠠ ᠶᠢᠨ ᠵᠠᠰᠠᠮᠠᠯ ᠵᠠᠮ ᠤᠨ ᠨᠡᠪᠲᠡᠷᠡᠬᠦ ᠰᠦᠢᠳᠭᠡᠯ ᠲᠠᠲᠠᠪᠤᠷᠢᠯᠠᠬᠤ ᠲᠥᠪ ᠤᠨ ᠰᠢᠪᠡᠭᠡ ᠰᠦᠢᠳᠭᠡᠯ ᠬᠤᠷᠢᠶᠠᠬᠤ ᠥᠷᠲᠡᠭᠡ ᠶᠢᠨ ᠬᠢᠨ ᠵᠢᠯᠣᠭᠤᠴᠢ ᠪᠠ ᠠᠶᠠᠨᠴᠢᠳ ᠲᠤ ᠳᠣᠲᠣᠨᠣᠰᠤᠭ ᠢᠶᠠᠷ ᠦᠢᠯᠡᠴᠢᠯᠠᠨ᠎ᠠ
ᠨᠡᠶᠢᠲᠡᠯᠡᠭᠰᠡᠨ ᠴᠠᠭ᠄
2025/6/3
    ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭ᠎ᠠ ᠬᠦᠷᠴᠦ ᠢᠷᠡᠬᠦ ᠭᠡᠵᠦ ᠪᠠᠶᠢᠨ᠎ᠠ᠂ ᠬᠥᠯᠥᠨ ᠪᠣᠶᠢᠷ ᠬᠤᠲᠠ ᠶᠢᠨ ᠵᠠᠰᠠᠮᠠᠯ ᠵᠠᠮ ᠤᠨ ᠨᠡᠪᠲᠡᠷᠡᠬᠦ ᠰᠦᠢᠳᠭᠡᠯ ᠲᠠᠲᠠᠪᠤᠷᠢᠯᠠᠬᠤ ᠲᠥᠪ ᠤᠨ ᠰᠢᠪᠡᠭᠡ ᠰᠦᠢᠳᠭᠡᠯ ᠬᠤᠷᠢᠶᠠᠬᠤ ᠥᠷᠲᠡᠭᠡ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠬᠠᠯᠠᠭᠤᠮᠰᠤᠭ ᠦᠢᠯᠡᠴᠢᠯᠡᠭᠡ︾ ᠭᠡᠬᠦ ᠭᠤᠣᠯ ᠰᠡᠳᠦᠪᠲᠦ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ︽ᠰᠣᠶᠣᠯ + ᠦᠢᠯᠡᠴᠢᠯᠡᠭᠡ︾ ᠶᠢᠨ ᠵᠠᠭᠪᠤᠷ ᠢᠶᠠᠷ ᠳᠠᠮᠵᠢᠭᠤᠯᠤᠨ᠂ ᠶᠠᠪᠤᠵᠤ ᠰᠠᠭᠤᠬᠤ ᠵᠢᠯᠣᠭᠤᠴᠢ ᠪᠠ ᠠᠶᠠᠨᠴᠢᠳ ᠲᠤ ᠳᠣᠲᠣᠨᠣᠰᠤᠭ ᠦᠢᠯᠡᠴᠢᠯᠡᠭᠡ ᠬᠠᠩᠭᠠᠵᠤ᠂ ᠬᠠᠯᠠᠭᠤᠨ ᠳᠣᠲᠤᠨᠤ ᠶᠠᠪᠤᠵᠤ ᠰᠠᠭᠤᠬᠤ  ᠪᠡᠶ᠎ᠡ ᠶᠢᠨ ᠣᠶᠢᠯᠠᠭᠠᠯᠲᠠ ᠶᠢ ᠪᠣᠢ ᠪᠣᠯᠭᠠᠨ᠎ᠠ᠃
0603.jpg
    ᠲᠣᠰ ᠥᠷᠲᠡᠭᠡ ᠨᠢ ᠰᠦᠢᠳᠬᠡᠯ ᠬᠤᠷᠢᠶᠠᠬᠤ ᠲᠠᠯᠠᠪᠠᠶ ᠳᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠭᠠᠷᠭᠠᠵᠤ᠂ ᠨᠠᠭᠠᠰᠢ ᠴᠠᠭᠠᠰᠢ ᠶᠠᠪᠤᠬᠤ ᠵᠢᠯᠣᠭᠤᠴᠢ ᠪᠠ ᠠᠶᠠᠨᠴᠢᠳ ᠲᠤ ᠮᠣᠩᠭᠤᠯ ᠦᠨᠳᠦᠰᠦᠲᠡᠨ ᠤ ᠣᠨᠴᠠᠯᠢᠭ ᠲᠠᠢ ᠴᠠᠭᠠᠨ ᠢᠳᠡᠭᠡᠨ᠂ ᠤᠯᠠᠮᠵᠢᠯᠠᠯᠲᠤ ᠽᠦᠩᠽᠢ ᠵᠢᠴᠢ ᠵᠣᠨ ᠤ ᠰᠡᠷᠢᠭᠦᠨ ᠴᠠᠶ ᠶᠢ ᠦᠨ᠎ᠡ ᠲᠥᠯᠥᠪᠦᠷᠢ ᠥᠬᠡᠶ ᠪᠠᠷ ᠬᠠᠩᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢᠨ ᠱᠠᠩᠨᠠᠯᠲᠤ ᠠᠰᠠᠭᠤᠯᠲᠠ ᠬᠠᠷᠢᠭᠤᠯᠲᠠ ᠶᠢ ᠵᠡᠷᠭᠡ ᠪᠠᠷ ᠥᠷᠨᠢᠭᠦᠯᠵᠦ᠂ ᠵᠢᠯᠣᠭᠤᠴᠢ ᠪᠠ ᠠᠶᠠᠨᠴᠢᠳ ᠲᠤ ᠪᠠᠶᠠᠷ ᠤᠨ ᠡᠳᠦᠷ ᠤᠨ ᠠᠮᠲᠠᠲᠤ ᠢᠳᠡᠭᠡᠨ ᠢ ᠠᠮᠲᠠᠯᠠᠭᠤᠯᠬᠤ ᠶᠢᠨ ᠬᠠᠮᠲᠤ ᠠᠮᠤᠷ ᠲᠦᠪᠰᠢᠨ ᠤ ᠦᠵᠡᠯ ᠤᠬᠠᠮᠰᠠᠷ ᠢ ᠨᠡᠮᠡᠭᠳᠡᠭᠦᠯᠵᠡᠶ᠃    ᠲᠤᠰ ᠥᠷᠲᠡᠭᠡ ᠨᠢ ︽8 + N︾ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠠᠭᠤᠯᠤᠭᠳᠠᠬᠤᠨ ᠢ ᠭᠦᠨᠵᠡᠭᠡᠶᠢᠷᠡᠭᠦᠯᠵᠦ᠂ ᠤᠤᠯ ᠤᠨ 8 ᠲᠥᠷᠥᠯ ᠤᠨ ᠰᠠᠭᠤᠷᠢ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ           ︵ᠦᠯᠢᠬᠦᠷ᠂ ᠴᠢᠷᠬᠦ ᠳᠡᠭᠡᠰᠦ᠂ ᠬᠡᠶᠢᠯᠡᠬᠦ ᠬᠥᠭᠡᠷᠭᠡ ᠵᠡᠷᠭᠡ︶ ᠤᠨ ᠰᠠᠭᠤᠷᠢᠨ ᠳᠡᠭᠡᠷ᠎ᠡ᠂ ᠣᠨᠴᠠᠭᠠᠶᠢᠯᠠᠨ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠴᠢᠮ ᠪᠠᠶᠢᠳᠠᠯ ᠢ ᠠᠷᠭᠠᠴᠠᠭᠠᠬᠤ ᠪᠣᠭᠴᠣ︾ ᠶᠢ ᠨᠡᠮᠡᠵᠦ᠂ ᠳᠣᠲᠣᠷ᠎ᠠ ᠨᠢ ᠬᠠᠯᠠᠭᠤᠨ ᠠᠴᠠ ᠰᠡᠷᠭᠡᠶᠢᠯᠡᠬᠦ ᠡᠮ ᠤᠨ ᠵᠦᠢᠯ᠂ ᠳᠤᠮᠳᠠᠳᠤ ᠣᠷᠣᠰ ᠮᠣᠩᠭᠤᠯ ᠭᠤᠷᠪᠠᠨ ᠬᠡᠯᠡᠨ ᠤ ᠠᠮᠤᠷ ᠲᠦᠪᠰᠢᠨ ᠤ ᠰᠠᠨᠠᠭᠤᠯᠤᠮᠵᠢ ᠶᠢᠨ ᠺᠠᠷᠲ ᠪᠠᠭᠲᠠᠨ᠎ᠠ᠃ ︽  ᠬᠠᠶᠢᠷ᠎ᠠ ᠬᠠᠯᠠᠮᠵᠢ ᠶᠢᠨ ᠴᠠᠢ ᠶᠢᠨ ᠥᠷᠲᠡᠭᠡ︾ 24 ᠴᠠᠭ ᠲᠤ ᠤᠯᠠᠮᠵᠢᠯᠠᠯᠲᠤ ᠬᠡᠪ ᠤᠨ ᠴᠠᠢ ᠶᠢ ᠬᠠᠩᠭᠠᠵᠤ᠂ ᠵᠢᠯᠣᠭᠤᠴᠢ ᠪᠠ ᠠᠶᠠᠨᠴᠢᠳ ᠤᠨ ᠰᠠᠨᠠᠯ ᠨᠢᠭᠡᠲᠡᠢ ᠰᠠᠶᠢᠨ ᠦᠨᠡᠯᠡᠯᠲᠡ ᠶᠢ ᠣᠯᠵᠠᠢ᠃  ︵ᠵᠤᠤ ᠶᠢᠩ ᠯᠢ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号