ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 3 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠰᠤᠳᠤᠯᠤᠨ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2025/6/4
   5 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ  ᠤ 3 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃    ᠬᠤᠷᠠᠯ ᠳᠡᠭᠡᠷ᠎ᠡ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠲᠥᠪ ᠤᠨ ᠨᠠᠢᠮᠠᠨ ᠲᠣᠭᠲᠠᠭᠠᠯ  ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ︾ ᠪᠠ           ︽ᠨᠠᠢᠮᠠᠨ ᠲᠣᠭᠲᠠᠭᠠᠯ ᠳᠤᠮᠳᠠᠳᠤ ᠤᠯᠤᠰ ᠢ ᠬᠤᠪᠢᠷᠠᠭᠤᠯᠤᠭᠰᠠᠨ ᠨᠢ︾ ᠭᠡᠬᠦ ᠨᠣᠮ ᠢ ᠲᠥᠪᠯᠡᠷᠡᠭᠦᠯᠦᠨ ᠤᠯᠠᠮᠵᠢᠯᠠᠨ ᠰᠤᠷᠤᠯᠴᠠᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃     ᠭᠤᠤ ᠱᠢ ᠴᠢᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠳᠤ ᠴᠢᠬᠤᠯᠠ ᠶᠡᠭᠡ ᠬᠤᠪᠢᠷᠠᠯᠲᠠ ᠠᠪᠴᠢᠷᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠂ ᠬᠢᠯᠪᠠᠷ ᠪᠤᠰᠤ ᠪᠠᠷ ᠢᠷᠡᠭᠰᠡᠨ ᠪᠠᠶᠢᠳᠠᠯ ᠢ ᠨᠠᠨᠳᠢᠩᠨᠠᠵᠤ᠂ ︽ᠰᠢᠯᠭᠠᠯᠲᠠ ᠳᠤ ᠣᠷᠣᠯᠴᠠᠬᠤ︾ ᠰᠡᠷᠭᠡᠭ ᠪᠠᠶᠢᠳᠠᠯ ᠢᠶᠠᠨ ᠡᠭᠦᠷᠢᠳᠡ ᠪᠠᠲᠤᠯᠠᠵᠤ᠂ ᠲᠦᠷᠦᠭᠦᠯᠡᠨ ᠰᠤᠷᠲᠠᠯ ᠢᠶᠠᠨ ᠬᠤᠪᠢᠷᠠᠭᠤᠯᠤᠨ ᠰᠠᠶᠢᠵᠢᠷᠠᠭᠤᠯᠵᠤ᠂ ᠤᠬᠠᠮᠰᠠᠷ ᠠᠴᠠ ᠪᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠡᠨᠡ ᠬᠦ ︽ᠠᠯᠳᠠᠨ ᠱᠣᠰᠢᠭ᠎ᠠ︾ ᠪᠠᠨ ᠦᠷᠭᠦᠯᠵᠢᠯᠡᠨ ᠬᠡᠷᠡᠯᠳᠦᠬᠦᠯᠬᠦ ᠬᠡᠷᠡᠭᠲᠡᠢ᠃ ᠰᠤᠷᠲᠠᠯ ᠤᠨ ᠠᠰᠠᠭᠤᠳᠠᠯ ᠪᠣᠯ ᠮᠤᠵᠢᠭᠤᠳᠠ ᠴᠢᠨᠠᠷ᠂ ᠳᠠᠬᠢᠨ ᠳᠠᠪᠲᠠᠬᠤ ᠴᠢᠨᠠᠷᠲᠠᠢ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠠᠴᠠ ᠵᠥᠷᠢᠴᠡᠭᠰᠡᠨ ᠠᠰᠠᠭᠤᠳᠠᠯ ᠪᠠᠰᠠ ᠪᠠᠶᠢᠨ ᠳᠠᠬᠢᠨ ᠭᠠᠷᠴᠤ ᠪᠠᠶᠢᠬᠤ ᠶᠢ ᠭᠦᠨᠵᠡᠭᠡᠶ ᠲᠠᠨᠢᠵᠤ᠂ ᠬᠡᠷᠡᠭ ᠢᠶᠠᠷ ᠲᠣᠯᠢ ᠪᠣᠯᠭᠠᠨ᠂ ᠭᠦᠨᠵᠡᠭᠡᠶ ᠰᠤᠷᠭᠠᠮᠵᠢ ᠠᠪᠴᠤ᠂ ᠨᠠᠮ ᠤᠨ ᠭᠡᠰᠢᠭᠦᠨ ᠺᠠᠳ᠋ᠷᠴᠤᠳ ᠤᠨ ᠳᠠᠳᠬᠠᠯ ᠪᠣᠯᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠤᠳᠠᠭᠠᠨ ᠳᠠᠭᠠᠭᠠᠮᠠᠭᠠᠶ ᠰᠠᠶᠢᠲᠤᠷ ᠠᠳᠬᠤᠬᠤ ᠶᠢ ᠠᠬᠢᠭᠤᠯᠬᠤ ᠬᠡᠷᠡᠭᠲᠡᠶ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠭᠡᠳᠡᠭ ᠢ ᠭᠦᠨᠵᠡᠭᠡᠢ ᠲᠠᠨᠢᠵᠤ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠣᠨᠣᠴᠠᠲᠠᠢ ᠬᠦᠴᠦᠯᠡᠵᠦ᠂ ᠰᠤᠷᠤᠯᠴᠠᠵᠦ ᠪᠠᠶᠢᠴᠠᠭᠠᠨ ᠰᠠᠶᠢᠵᠢᠷᠠᠭᠤᠯᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠤᠯᠴᠠᠪᠠᠯ ᠴᠢᠨᠠᠷ ᠰᠠᠶᠢᠲᠠᠢ ᠪᠠᠶᠢᠬᠤ᠂ ᠪᠠᠶᠢᠴᠠᠭᠠᠪᠠᠯ ᠡᠷᠴᠢᠮᠲᠡᠢ ᠪᠠᠶᠢᠬᠤ᠂ ᠥᠭᠡᠷᠡᠴᠢᠯᠡᠪᠡᠯ ᠦᠷ᠎ᠡ ᠪᠦᠲᠦᠮᠵᠢᠲᠡᠢ ᠪᠠᠶᠢᠬᠤ ᠶᠢ ᠦᠨᠡᠨ ᠬᠦ ᠪᠠᠲᠤᠯᠠᠵᠤ᠂ ᠰᠤᠷᠤᠯᠴᠠᠯᠭ᠎ᠠ ᠬᠥᠮᠦᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号