︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠪᠠᠷᠢᠮᠵᠢᠶ᠎ᠠ︾᠂ ︽ᠪᠠᠷᠢᠯᠭ᠎ᠠ ᠶᠢᠨ | ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾᠂ ︽ᠪᠠᠷᠢᠯᠭ᠎ᠠ ᠶᠢᠨ | ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠪᠠ ᠬᠢᠷᠢ ᠬᠡᠮ ᠤᠨ | ᠪᠠᠷᠢᠮᠵᠢᠶ᠎ᠠ ᠶᠢᠨ ᠬᠡᠷᠡᠭᠵᠢᠭᠦᠯᠬᠦ ᠰᠠᠨᠠᠯ︾ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ | ᠲᠢᠩᠬᠢᠮ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠢ ᠬᠠᠮᠵᠢᠨ ᠵᠠᠰᠠᠮᠠᠯ ᠵᠠᠮ ᠤᠨ ᠪᠠᠷᠢᠯᠭ᠎ᠠ ᠶᠢᠨ ᠬᠠᠮᠢᠶ᠎ᠠ ᠪᠥᠬᠦᠶ ᠬᠢᠷᠢ ᠬᠡᠮ ᠤᠨ | ᠭᠤᠶᠤᠴᠢᠯᠠᠨ ᠮᠡᠳᠡᠭᠦᠯᠬᠦ ᠮᠠᠲ᠋ᠧᠷᠢᠶᠠᠯ ᠳᠤ ᠠᠵᠢᠯ ᠲᠥᠷᠥᠯ ᠤᠨ ᠬᠢᠨᠠᠨ ᠬᠠᠷᠭᠤᠭᠤᠯᠤᠯᠲᠠ ᠬᠢᠪᠠ᠃ ᠡᠳᠦᠭᠡ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠥᠪᠥᠷ | ᠮᠣᠩᠭᠤᠯ ᠤᠨ ᠴᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠵᠡᠷᠭᠡ 11 | ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠲᠤᠰᠬᠠᠶ | ᠮᠡᠷᠭᠡᠵᠢᠯᠲᠡᠨ ᠤ ᠬᠢᠨᠠᠨ ᠲᠣᠭᠲᠠᠭᠠᠭᠰᠠᠨ ᠪᠠᠶᠢᠳᠠᠯ ᠢ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ | ᠵᠠᠷᠯᠠᠨ ᠨᠡᠶᠢᠲᠡᠯᠡᠬᠦ ᠴᠠᠭ ᠨᠢ 2025 ᠣᠨ ᠤ 6 ᠳ᠋ᠤᠭᠠᠷ ᠰᠠᠷ᠎ᠠ ᠶᠢᠨ 3 ᠤ ᠡᠳᠦᠷ ᠠᠴᠠ 2025 ᠣᠨ ᠤ 6 | ᠳ᠋ᠤᠭᠠᠷ ᠰᠠᠷ᠎ᠠ ᠶᠢᠨ 9 ᠤ ᠡᠳᠦᠷ ᠪᠣᠯᠤᠨ᠎ᠠ᠃ | ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠶᠢᠯᠠᠯ ᠤᠨ | ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠳᠠᠬᠢ ᠬᠤᠳᠠᠯ ᠬᠠᠭᠤᠷᠮᠠᠭ ᠠᠭᠤᠯᠭ᠎ᠠ ᠶᠢ ᠮᠠᠨ ᠤ ᠲᠢᠩᠬᠢᠮ ᠳᠤ | ᠪᠢᠴᠢᠭ ᠤᠨ ᠬᠡᠯᠪᠡᠷᠢ ᠪᠠᠷ ᠢᠯᠡᠴᠢᠯᠡᠨ ᠮᠡᠳᠡᠭᠦᠯᠵᠦ ᠪᠣᠯᠤᠨ᠎ᠠ᠃ ᠬᠤᠭᠤᠴᠠᠭ᠎ᠠ ᠦᠩᠭᠡᠷᠡᠪᠡᠯ ᠬᠦᠯᠢᠶᠡᠨ ᠠᠪᠴᠤ | ᠰᠢᠢᠳᠪᠦᠷᠢᠯᠡᠬᠦ ᠦᠭᠡᠶ ︵ᠰᠢᠦᠳᠠᠨ ᠢᠶᠠᠷ ᠢᠯᠡᠭᠡᠬᠦ ᠮᠠᠲ᠋ᠧᠷᠢᠶᠠᠯ ᠢ ᠰᠢᠦᠳᠠᠨ ᠤ ᠲᠠᠮᠠᠭ᠎ᠠ ᠶᠢᠨ ᠡᠳᠦᠷ ᠬᠤᠭᠤᠴᠠᠭ᠎ᠠ ᠪᠠᠷ | ᠪᠠᠷᠢᠮᠵᠢᠶ᠎ᠠ ᠪᠣᠯᠭᠠᠨ᠎ᠠ︶᠃ ᠬᠠᠷᠭᠤᠭᠤᠯᠤᠨ ᠪᠠᠶᠢᠴᠠᠭᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠢᠯᠡᠴᠢᠯᠡᠨ | ᠮᠡᠳᠡᠭᠦᠯᠦᠭᠰᠡᠨ ᠮᠠᠲ᠋ᠧᠷᠢᠶᠠᠯ ᠤᠨ ᠠᠭᠤᠯᠭ᠎ᠠ ᠶᠢ ᠪᠣᠳᠠᠲᠠᠶ ᠪᠠᠶᠢᠯᠭᠠᠵᠤ᠂ ᠬᠠᠷᠢᠯᠴᠠᠬᠤ ᠤᠲᠠᠰᠤ᠂ ᠬᠠᠶ᠋ᠢᠭ ᠪᠠ | ᠰᠢᠤᠳᠠᠨ ᠤ ᠳ᠋ᠤᠭᠠᠷ ᠢ ᠲᠣᠳᠣᠷᠬᠠᠶ ᠪᠢᠴᠢᠵᠦ᠂ ᠨᠢᠭᠡᠴᠢ ᠶᠢᠨ ᠢᠯᠡᠴᠢᠯᠡᠨ ᠮᠡᠳᠡᠭᠦᠯᠬᠦ ᠳᠤ ᠠᠯᠪᠠᠨ ᠲᠠᠮᠠᠭ᠎ᠠ ᠳᠠᠷᠤᠵᠤ᠂ | ᠬᠤᠪᠢ ᠬᠥᠮᠦᠨ ᠤ ᠢᠯᠡᠴᠢᠯᠡᠨ ᠮᠡᠳᠡᠭᠦᠯᠬᠦ ᠳᠤ ᠦᠨᠡᠨ ᠪᠣᠳᠠᠲᠠᠶ ᠣᠪᠣᠭ ᠨᠡᠷ᠎ᠡ ᠶᠢᠨ ᠭᠠᠷ ᠤᠨ ᠥᠰᠥᠭ ᠵᠢᠷᠤᠬᠤ | ᠬᠡᠷᠡᠭᠲᠡᠶ᠃ | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ | ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠨᠣᠮᠧᠷ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠭᠠᠵᠠᠷ︔ ᠰᠢᠤᠳᠠᠨ ᠤ ᠳ᠋ᠤᠭᠠᠷ᠄ 010020 | ᠬᠠᠷᠢᠯᠴᠠᠬᠤ ᠬᠥᠮᠦᠨ᠄ ᠶᠠᠩ ᠯᠢ ᠱᠢ ᠵᠠᠩ ᠵᠢᠶᠦ᠋ᠨ ᠪᠢᠨ | ᠬᠠᠷᠢᠯᠴᠠᠬᠤ ᠤᠲᠠᠰᠤ᠄ 0471 - 6969040 | ᠢᠮᠧᠯ᠄ JTYSTJSGLCSCGL@163.com᠃ | | ᠳᠠᠭᠠᠯᠳᠤᠭᠤᠯᠤᠯ᠄ ᠵᠠᠰᠠᠮᠠᠯ ᠵᠠᠮ ᠤᠨ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ | ᠲᠤᠰᠬᠠᠢ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ .pdf | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | 2025 ᠣᠨ ᠤ 6 ᠳ᠋ᠤᠭᠠᠷ ᠰᠠᠷ᠎ᠠ ᠶᠢᠨ 3 ᠤ ᠡᠳᠦᠷ |