ᠣᠶᠢᠷ᠎ᠠ ᠳᠤ᠂ 331 ᠤᠯᠤᠰ ᠤᠨ ᠵᠠᠮ ᠤᠨ ᠷᠠᠰᠢᠶᠠᠨᠪᠤᠯᠠᠭ ᠠᠴᠠ ᠪᠡᠯᠭᠦᠳᠡᠢ ᠬᠦᠷᠬᠦ ᠬᠡᠰᠡᠭ ᠤᠨ ᠵᠠᠰᠠᠮᠠᠯ ᠵᠠᠮ | ᠤᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠬᠡᠳᠦᠨ ᠠᠷᠪᠠᠨ ᠵᠠᠮ ᠳᠡᠪᠢᠰᠬᠦ ᠮᠠᠰᠢᠨ᠂ ᠵᠠᠮ | ᠳᠠᠷᠤᠬᠤ ᠮᠠᠰᠢᠨ ᠬᠦᠷᠴᠢᠭᠢᠨᠡᠨ᠂ ᠠᠵᠢᠯᠴᠢᠳ ᠰᠠᠭᠤᠷᠢ ᠳᠠᠪᠬᠤᠷᠭ᠎ᠠ ᠶᠢᠨ ᠳᠡᠪᠢᠰᠬᠦ ᠠᠵᠢᠯ ᠢ ᠶᠠᠭᠠᠷᠠᠯᠲᠠᠢ ᠬᠢᠵᠦ | ᠪᠠᠶᠢᠯ᠎ᠠ᠃ ᠣᠳᠣᠬᠠᠨ ᠳᠤ᠂ ᠲᠣᠰ ᠲᠥᠷᠥᠯ ᠵᠦᠶᠯ ᠨᠢ ᠰᠠᠭᠤᠷᠢ ᠳᠠᠪᠬᠤᠷᠭ᠎ᠠ ᠶᠢᠨ ᠶᠡᠷᠦᠩᠬᠡᠶ ᠬᠡᠮᠵᠢᠶ᠎ᠡ ᠶᠢᠨ | 67% ᠶᠢ ᠳᠠᠭᠤᠰᠬᠠᠵᠤ᠂ ᠵᠢᠱᠢᠯᠲᠡ ᠪᠠᠷ 8 ᠳ᠋ᠤᠭᠠᠷ ᠰᠠᠷ᠎ᠠ ᠳᠤ ᠭᠤᠤᠯ ᠴᠣᠭᠴᠠ ᠶᠢᠨ ᠨᠡᠪᠲᠡᠷᠡᠭᠦᠯᠬᠦ ᠶᠢ | ᠪᠡᠶᠡᠯᠡᠭᠦᠯᠬᠦ ᠪᠣᠯᠤᠨ᠎ᠠ᠃ | ᠬᠢᠯᠢ ᠳᠠᠭᠠᠤ 331 ᠤᠯᠤᠰ ᠤᠨ ᠵᠠᠮ ᠤᠨ ᠰᠢᠯᠢ ᠶᠢᠨ ᠭᠤᠤᠯ ᠠᠶᠢᠮᠠᠭ ᠤᠨ ᠬᠢᠯᠢ ᠳᠣᠲᠣᠷᠠᠬᠢ ᠪᠥᠬᠦ ᠣᠷᠳᠣ | ᠨᠢ 918.4 ᠺᠢᠯᠣᠮᠧᠲᠷ ᠪᠠᠶᠢᠵᠤ᠂ ᠨᠡᠶᠢᠲᠡ 8 ᠬᠡᠰᠡᠭ ᠬᠤᠪᠢᠶᠠᠨ ᠪᠥᠲᠥᠭᠡᠨ ᠪᠠᠶᠢᠭᠤᠯᠵᠤ᠂ ᠣᠳᠣᠬᠠᠨ ᠳᠤ 7 | ᠬᠡᠰᠡᠭ ᠨᠢ ᠨᠢᠭᠡᠨᠲᠡ ᠪᠠᠶᠢᠭᠤᠯᠤᠭᠳᠠᠨ ᠲᠡᠷᠭᠡ ᠨᠡᠪᠲᠡᠷᠡᠵᠦ᠂ ᠷᠠᠰᠢᠶᠠᠨᠪᠤᠯᠠᠭ ᠠᠴᠠ ᠪᠡᠯᠭᠦᠳᠡᠶ ᠬᠥᠷᠬᠦ ᠬᠡᠰᠡᠭ ᠨᠢ ᠲᠣᠰ | ᠠᠶᠢᠮᠠᠭ ᠤᠨ ︽ᠵᠢᠷᠭᠤᠭᠠᠨ ᠬᠥᠨᠳᠡᠯᠡᠨ ᠲᠠᠪᠤᠨ ᠭᠤᠯᠳᠤ︾ ᠵᠠᠰᠠᠮᠠᠯ ᠵᠠᠮ ᠤᠨ ᠲᠣᠤᠷ ᠤᠨ ᠳᠣᠲᠣᠷᠠᠬᠢ | ︽ᠬᠥᠨᠳᠡᠯᠡᠨ ᠨᠢᠭᠡ︾ ᠵᠠᠩᠭᠢᠯᠠᠭ᠎ᠠ ᠶᠢᠨ ᠲᠥᠷᠥᠯ ᠵᠦᠶᠯ ᠪᠠᠶᠢᠵᠤ᠂ ᠪᠥᠬᠦ ᠣᠷᠳᠣ ᠨᠢ 112.4 ᠺᠢᠯᠣᠮᠧᠲᠷ᠂ | ᠲᠦᠢᠮᠤ ᠲᠦᠰᠦᠪ ᠤᠨ ᠶᠡᠷᠦᠩᠬᠡᠶ ᠪᠠᠯᠠ ᠣᠷᠣᠭᠤᠯᠤᠯᠲᠠ ᠨᠢ 10.74 ᠳ᠋ᠦᠩᠰᠢᠭᠤᠷ ᠲᠥᠭᠦᠷᠢᠭ ᠲᠤ ᠬᠦᠷᠴᠡᠶ᠃ | ᠲᠥᠷᠥᠯ ᠵᠦᠶᠯ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠪᠡᠯ 331 ᠤᠯᠤᠰ ᠤᠨ ᠵᠠᠮ ᠤᠨ ᠪᠥᠬᠦ ᠱᠤᠭᠤᠮ ᠢ | ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠵᠠᠰᠠᠮᠠᠯ ᠵᠠᠮ ᠳᠤ ᠬᠦᠷᠭᠡᠬᠦ ᠬᠠᠷᠠᠯᠲᠠ ᠶᠢ ᠪᠡᠶᠡᠯᠡᠭᠦᠯᠵᠦ᠂ | ᠵᠠᠰᠠᠮᠠᠯ ᠵᠠᠮ ᠤᠨ ᠦᠶᠯᠡᠴᠢᠯᠡᠭᠡᠨ ᠤ ᠴᠢᠳᠠᠪᠤᠷᠢ ᠶᠢ ᠬᠦᠴᠦᠲᠡᠶ ᠳᠡᠭᠡᠭᠰᠢᠯᠡᠭᠦᠯᠵᠦ᠂ ᠵᠠᠯᠭᠠᠯᠲᠠ ᠨᠢ ᠰᠢᠭᠤᠳ | ᠰᠢᠯᠤᠭᠤᠨ᠂ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ᠂ ᠰᠢᠯᠢ ᠶᠢᠨ ᠭᠤᠤᠯ ᠠᠶᠢᠮᠠᠭ ᠤᠨ ᠵᠡᠭᠦᠨ | ᠪᠠᠷᠠᠭᠤᠨ ᠢ ᠰᠤᠨᠳᠠᠯᠠᠭᠰᠠᠨ ᠴᠢᠬᠤᠯᠠ ᠲᠡᠭᠡᠭᠡᠪᠦᠷᠢ ᠶᠢᠨ ᠵᠠᠮ ᠢ ᠪᠦᠷᠢᠯᠳᠦᠭᠦᠯᠦᠨ᠎ᠡ᠃ | ᠡᠨᠡ ᠵᠢᠯ᠂ ᠰᠢᠯᠢ ᠶᠢᠨ ᠭᠤᠤᠯ ᠠᠶᠢᠮᠠᠭ 6 ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠪᠠ᠃ 2 ᠦᠷᠭᠦᠯᠵᠢᠯᠡᠨ ᠪᠠᠶᠢᠭᠤᠯᠬᠤ ᠲᠥᠷᠥᠯ | ᠵᠦᠶᠯ ᠨᠢ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠵᠠᠪᠳᠤᠨ ᠠᠳᠬᠤᠵᠤ᠂ ᠵᠢᠯ ᠤᠨ ᠳᠣᠲᠣᠷ᠎ᠠ | ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠪᠠᠷ ᠬᠠᠷᠠᠯᠲᠠ ᠪᠣᠯᠭᠠᠨ᠂ ᠪᠠᠷᠢᠯᠭ᠎ᠠ ᠶᠢᠨ ᠬᠤᠭᠤᠴᠠᠭ᠎ᠠ ᠶᠢ | ᠲᠣᠩᠭᠤᠷᠠᠭᠤᠯᠤᠨ ᠵᠢᠭᠰᠠᠭᠠᠵᠤ᠂ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠬᠤ ᠲᠥᠯᠥᠪᠯᠡᠭᠡ ᠶᠢ ᠴᠠᠭ | ᠲᠤᠬᠠᠶ ᠳᠤ ᠨᠢ ᠰᠢᠯᠢᠳᠡᠭᠵᠢᠭᠦᠯᠪᠡ︔ 4 ᠰᠢᠨ᠎ᠡ ᠪᠠᠷ ᠡᠬᠢᠯᠡᠭᠦᠯᠬᠦ ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ ᠳᠤ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤ ᠨᠢ ᠠᠪᠴᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠡᠮᠦᠨᠡᠬᠢ ᠬᠤᠭᠤᠴᠠᠭᠠᠨ ᠤ ᠠᠵᠢᠯ ᠢ ᠬᠠᠮᠲᠤ ᠪᠠᠷ ᠲᠦᠯᠬᠢᠨ | ᠠᠬᠢᠭᠤᠯᠵᠤ ᠱᠠᠯᠠᠪᠳᠠᠨ ᠭᠦᠢᠴᠡᠳᠬᠡᠪᠡ᠃ | ᠦᠷᠭᠦᠯᠵᠢᠯᠡᠨ ᠪᠠᠶᠢᠭᠤᠯᠬᠤ ᠲᠥᠷᠥᠯ ᠵᠦᠶᠯ ᠤᠨ ᠳᠣᠲᠣᠷ᠎ᠠ᠂ 305 ᠤᠯᠤᠰ ᠤᠨ ᠵᠠᠮ ᠤᠨ ᠬᠥᠨᠳᠡᠯᠡᠨ ᠠᠴᠠ | ᠪᠠᠶᠠᠨᠬᠤᠸᠠ ᠬᠥᠷᠬᠦ ᠬᠡᠰᠡᠭ ᠤᠨ ᠵᠠᠰᠠᠮᠠᠯ ᠵᠠᠮ ᠨᠢᠭᠡᠨᠲᠡ ᠵᠠᠮ ᠤᠨ ᠰᠠᠭᠤᠷᠢ᠂ ᠬᠥᠭᠦᠷᠭᠡ ᠶᠢᠨ ᠭᠤᠯᠳᠤᠩ ᠢ ᠵᠠᠰᠠᠬᠤ | ᠱᠠᠲᠤᠨ ᠳᠤ ᠣᠷᠣᠪᠠ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠵᠠᠮ ᠳᠠᠭᠠᠤ ᠶᠢᠨ ᠨᠡᠶᠢᠭᠡᠮ ᠠᠵᠤ | ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠬᠠᠮᠲᠤ ᠰᠢᠯᠢ ᠶᠢᠨ ᠭᠤᠤᠯ ᠠᠶᠢᠮᠠᠭ ᠤᠨ ᠵᠡᠭᠦᠨ ᠬᠤᠶᠢᠲᠤ | ᠣᠷᠣᠨ ᠤ ᠬᠠᠭᠤᠷᠠᠶ ᠲᠡᠯᠡᠶ ᠶᠢᠨ ᠰᠢᠨ᠎ᠡ ᠵᠠᠮ ᠳᠤ ᠠᠭᠤᠰᠤᠯᠴᠠᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠤᠰ ᠣᠷᠴᠢᠯ ᠳᠤ ᠠᠭᠤᠰᠤᠯᠴᠠᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠰᠢᠨ᠎ᠡ ᠪᠠᠷ ᠪᠠᠶᠢᠭᠤᠯᠬᠤ ᠲᠥᠷᠥᠯ ᠵᠦᠶᠯ ᠤᠨ ᠳᠣᠲᠣᠷ᠎ᠠ᠂ 625 ᠤᠯᠤᠰ ᠤᠨ ᠵᠠᠮ ᠤᠨ ᠵᠡᠭᠦᠨ ᠬᠠᠲᠠᠪᠴᠢ | ᠠᠴᠠ ᠡᠷᠢᠶᠡᠨ ᠬᠤᠲᠠ ᠬᠥᠷᠬᠦ ᠬᠡᠰᠡᠭ ᠤᠨ ᠭᠤᠷᠪᠠᠨ ᠲᠥᠷᠥᠯ ᠵᠦᠶᠯ ᠨᠢ 4 ᠳ᠋ᠦ᠋ᠭᠡᠷ ᠰᠠᠷ᠎ᠠ ᠶᠢᠨ ᠰᠡᠭᠦᠯᠴᠢ ᠪᠠᠷ | ᠴᠣᠬᠤᠯᠠᠪᠤᠷᠢ ᠣᠯᠵᠤ᠂ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠢᠯ ᠢ ᠶᠠᠭ ᠱᠠᠯᠠᠪᠳᠠᠨ ᠥᠷᠨᠢᠭᠦᠯᠵᠦ ᠪᠣᠶ᠂ | ᠲᠥᠷᠥᠯ ᠵᠦᠶᠯ ᠤᠨ ᠪᠥᠬᠦ ᠣᠷᠳᠣ ᠨᠢ ᠪᠠᠷᠤᠭ 533 ᠺᠢᠯᠣᠮᠧᠲᠷ ᠪᠠᠶᠢᠵᠤ᠂ ᠵᠡᠭᠦᠨ ᠦᠵᠦᠮᠦᠴᠢᠨ ᠬᠤᠰᠢᠭᠤ᠂ | ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠡᠷᠢᠶᠡᠨ ᠬᠤᠲᠠ ᠵᠡᠷᠭᠡ ᠬᠤᠰᠢᠭᠤ ᠰᠢᠶᠠᠨ ᠲᠠᠢ ᠪᠦᠲᠦᠮᠵᠢᠲᠡᠶ | ᠬᠤᠯᠪᠣᠯᠳᠤᠭᠤᠯᠤᠨᠠ︔ 207 ᠤᠯᠤᠰ ᠤᠨ ᠵᠠᠮ ᠤᠨ ᠰᠢᠯᠢ ᠶᠢᠨ ᠬᠤᠲᠠ ᠠᠴᠠ ᠪᠠᠯᠭᠠᠷᠭᠤᠤᠯ ᠠᠴᠠ ᠪᠠᠶᠠᠨᠬᠤᠸᠠ | ᠬᠥᠷᠬᠦ ᠬᠡᠰᠡᠭ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ 4 ᠳ᠋ᠦ᠋ᠭᠡᠷ ᠰᠠᠷ᠎ᠠ ᠶᠢᠨ ᠡᠬᠢ ᠪᠠᠷ ᠣᠨᠴᠠ | ᠵᠥᠪᠰᠢᠶᠡᠷᠡᠯ ᠤᠨ ᠡᠵᠡᠩᠨᠡᠭᠴᠢ ᠶᠢ ᠲᠣᠭᠲᠠᠭᠠᠵᠤ᠂ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠢᠯ ᠢ ᠵᠡᠷᠭᠡ ᠳᠤ | ᠨᠢ ᠥᠷᠨᠢᠭᠦᠯᠵᠦ᠂ ᠣᠶᠢᠷ᠎ᠠ ᠳᠤ ᠨᠢᠭᠡᠨᠲᠡ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ | ᠠᠵᠢᠯ ᠢ ᠪᠡᠶᠡᠯᠡᠭᠦᠯᠪᠡ᠃ | ᠭᠤᠤᠯᠳᠠᠯᠭ᠎ᠠ ᠲᠠᠢ ᠲᠥᠷᠥᠯ ᠵᠦᠶᠯ ᠢ ᠠᠬᠢᠭᠤᠯᠬᠤ ᠶᠢ ᠳᠠᠭᠠᠯᠳᠤᠨ᠂ ᠰᠢᠯᠢ ᠶᠢᠨ ᠭᠤᠤᠯ ᠠᠶᠢᠮᠠᠭ ᠶᠠᠭ | ︽ᠪᠣᠭᠤᠮᠲᠠ + ᠡᠨᠧᠷᠭᠢ + ᠵᠢᠭᠤᠯᠴᠢᠯᠠᠯ︾ ᠭᠤᠷᠪᠠ ᠶᠢ ᠨᠢᠭᠡ ᠴᠣᠭᠴᠠᠵᠢᠭᠤᠯᠤᠭᠰᠠᠨ ᠪᠣᠰᠤᠭ᠎ᠠ ᠴᠣᠭᠴᠠᠲᠤ ᠵᠠᠮ | ᠬᠠᠷᠢᠯᠴᠠᠭᠠᠨ ᠤ ᠲᠣᠤᠷ ᠢ ᠪᠠᠶᠢᠭᠤᠯᠵᠤ ᠪᠠᠶᠢᠨ᠎ᠠ᠃ |