ᠡᠨᠡ ᠵᠢᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ︵5 ᠳ᠋ᠤᠭᠠᠷ ᠰᠠᠷ᠎ᠠ ᠶᠢᠨ 31 ᠤ | ᠡᠳᠦᠷ ᠠᠴᠠ 6 ᠳ᠋ᠤᠭᠠᠷ ᠰᠠᠷ᠎ᠠ ᠶᠢᠨ 2 ᠤᠨ ᠡᠳᠦᠷ ᠪᠣᠯᠲᠠᠯ᠎ᠠ︶ ᠳᠤ᠂ ᠪᠥᠬᠦ ᠨᠡᠶᠢᠭᠡᠮ ᠤᠨ ᠣᠷᠣᠨ ᠪᠦᠰᠡ | ᠠᠯᠤᠰᠯᠠᠭᠰᠠᠨ ᠬᠥᠮᠦᠰ ᠤᠨ ᠰᠢᠯᠵᠢᠯᠲᠡ ᠶᠢᠨ ᠬᠡᠮᠵᠢᠶ᠎ᠡ ᠬᠤᠶᠠᠷ ᠦᠵᠦᠭᠦᠷ ᠤᠨ ᠣᠷᠭᠢᠯ ᠤᠨ ᠬᠠᠨᠳᠤᠰᠢ ᠢᠯᠡᠷᠡᠵᠦ᠂ | ᠬᠠᠮᠤᠭ ᠤᠨ ᠥᠨᠳᠥᠷ ᠨᠢ 5 ᠳ᠋ᠤᠭᠠᠷ ᠰᠠᠷ᠎ᠠ ᠶᠢᠨ 31 ᠤ ᠡᠳᠦᠷ ᠲᠤ ᠢᠯᠡᠷᠡᠵᠦ 438.96 ᠲᠦᠮᠡᠨ ᠬᠥᠮᠦᠨ | ᠤᠳᠠᠭ᠎ᠠ ᠳᠤ ᠬᠦᠷᠴᠡᠶ︔ ᠳᠡᠭᠡᠳᠤ ᠬᠤᠷᠳᠤ ᠶᠢᠨ ᠵᠠᠰᠠᠮᠠᠯ ᠵᠠᠮ ᠤᠨ ᠲᠡᠷᠭᠡᠨ ᠤ ᠴᠣᠪᠣᠷᠠᠯ ᠤᠨ ᠣᠷᠭᠢᠯ ᠤᠨ ᠬᠡᠮᠵᠢᠶ᠎ᠡ | 5 ᠳ᠋ᠤᠭᠠᠷ ᠰᠠᠷ᠎ᠠ ᠶᠢᠨ 31 ᠤ ᠡᠳᠦᠷ ᠢᠯᠡᠷᠡᠵᠦ 45.39 ᠲᠦᠮᠡ ᠳᠤ ᠬᠦᠷᠴᠦ᠂ ᠥᠪᠡᠰᠦᠪᠡᠨ ᠲᠡᠷᠭᠡ | ᠵᠢᠯᠣᠭᠤᠳᠴᠤ ᠭᠠᠳᠠᠭᠰᠢ ᠭᠠᠷᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠪᠡ᠃ | ᠠᠮᠠᠷᠠᠯᠲᠠ ᠶᠢᠨ ᠬᠤᠭᠤᠴᠠᠭᠠᠨ ᠤ 3 ᠡᠳᠦᠷ ᠲᠤ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠭ᠎ᠠ | ᠪᠠᠷᠢᠮᠲᠠ ᠳᠣᠤᠷᠠᠬᠢ ᠮᠡᠲᠦ᠄ ᠪᠥᠬᠦ ᠣᠷᠣᠨ ᠤ ᠣᠷᠣᠨ ᠪᠦᠰᠡ ᠠᠯᠤᠰᠯᠠᠭᠰᠠᠨ ᠬᠥᠮᠦᠰ ᠤᠨ ᠰᠢᠯᠵᠢᠯᠲᠡ ᠶᠢᠨ | ᠬᠡᠮᠵᠢᠶ᠎ᠡ ᠨᠡᠶᠢᠲᠡ 1272.95 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | ︵2024 ᠣᠨ ᠤ 6 ᠳ᠋ᠤᠭᠠᠷ ᠰᠠᠷ᠎ᠠ ᠶᠢᠨ 8 - 10 ᠤ ᠡᠳᠦᠷ᠂ ᠳᠣᠷᠣᠭᠰᠢ ᠠᠳᠠᠯᠢ ᠬᠤᠭᠤᠴᠠᠭ᠎ᠠ ᠭᠡᠵᠦ | ᠲᠣᠪᠴᠢᠯᠠᠨ᠎ᠠ︶ 9.72% ᠢᠶᠠᠷ ᠳᠡᠭᠡᠭᠰᠢᠯᠡᠪᠡ᠃ ᠪᠥᠬᠦ ᠣᠷᠣᠨ ᠤ ᠡᠵᠡᠩᠨᠡᠯᠲᠡ ᠶᠢᠨ ᠴᠢᠨᠠᠷᠲᠠᠶ ᠲᠡᠭᠡᠭᠡᠪᠦᠷᠢ ᠨᠢ | ᠠᠶᠠᠨᠴᠢᠳ ᠢ ᠨᠡᠶᠢᠲᠡ 104.65 ᠲᠦᠮᠡᠨ ᠬᠥᠮᠦᠨ ᠤᠳᠠᠭ᠎ᠠ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ | 1.74% ᠪᠠᠷ ᠪᠠᠭᠤᠷᠠᠪᠠ᠃ | >> ᠲᠡᠮᠦᠷ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠨᠡᠶᠢᠲᠡ 71.92 ᠲᠦᠮᠡᠨ ᠬᠥᠮᠦᠨ | ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.07% ᠪᠠᠷ ᠨᠡᠮᠡᠭᠳᠡᠪᠡ︔ | >> ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠨᠡᠶᠢᠲᠡ 13.80 ᠲᠦᠮᠡᠨ ᠬᠥᠮᠦᠨ | ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.47% ᠪᠠᠷ ᠪᠠᠭᠤᠷᠠᠪᠠ︔ | >> ᠠᠷᠠᠳ ᠤᠨ ᠠᠭᠠᠷ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠨᠡᠶᠢᠲᠡ 18.93 ᠲᠦᠮᠡᠨ | ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.88% ᠪᠠᠷ ᠪᠠᠭᠤᠷᠠᠪᠠ᠃ | ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠠᠰᠢᠨ ᠲᠡᠷᠭᠡᠨ ᠤ ᠴᠤᠪᠤᠷᠠᠯ ᠤᠨ ᠶᠡᠷᠦᠩᠬᠡᠶ | ᠬᠡᠮᠵᠢᠶ᠎ᠡ ᠨᠡᠶᠢᠲᠡ 132.60 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.91% ᠪᠠᠷ | ᠳᠡᠭᠡᠭᠰᠢᠯᠡᠵᠦ᠂ ᠠᠶᠠᠨᠴᠢᠳ ᠤᠨ ᠮᠠᠰᠢᠨ ᠲᠡᠷᠭᠡᠨ ᠤ ᠴᠤᠪᠤᠷᠠᠯ ᠤᠨ ᠬᠡᠮᠵᠢᠶ᠎ᠡ ᠨᠡᠶᠢᠲᠡ 102.14 ᠲᠦᠮᠡ ᠳᠤ | ᠬᠦᠷᠴᠦ᠂ ᠪᠥᠬᠦ ᠮᠠᠰᠢᠨ ᠲᠡᠷᠭᠡᠨ ᠤ ᠴᠤᠪᠤᠷᠠᠯ ᠤᠨ ᠬᠡᠮᠵᠢᠶ᠎ᠡ ᠶᠢᠨ 77.03% ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 4.48% ᠪᠠᠷ ᠳᠡᠭᠡᠭᠰᠢᠯᠡᠪᠡ︔ ᠪᠠᠷᠠᠭᠠᠨ ᠤ ᠲᠡᠷᠭᠡ ᠶᠢᠨ ᠴᠤᠪᠤᠷᠠᠯ ᠤᠨ ᠬᠡᠮᠵᠢᠶ᠎ᠡ | ᠨᠡᠶᠢᠲᠡ 30.46 ᠲᠦᠮᠡ ᠳᠤ ᠬᠦᠷᠪᠡ᠃ | ᠡᠩ ᠤᠨ ᠤᠯᠤᠰ ᠤᠨ ᠮᠤᠵᠢ ᠶᠢᠨ ᠵᠠᠮ ᠤᠨ ᠣᠭᠲᠣᠯᠤᠭᠠᠰᠤ ᠶᠢᠨ ᠵᠠᠮ ᠬᠠᠷᠢᠯᠴᠠᠭᠠᠨ ᠤ ᠬᠡᠮᠵᠢᠶ᠎ᠡ ᠳᠤᠮᠳᠠᠴᠢ | ᠪᠠᠷ 4319 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.26% ᠪᠠᠷ ᠳᠡᠭᠡᠭᠰᠢᠯᠡᠵᠡᠶ᠃ | ᠰᠢᠬᠠᠯᠴᠠᠴᠠ ᠨᠡᠯᠢᠶᠡᠳ ᠥᠨᠳᠥᠷ ᠵᠠᠮ ᠤᠨ ᠬᠡᠰᠡᠭ ᠨᠢ ᠭᠤᠣᠯᠳᠠᠭᠤ 216 ᠮᠤᠵᠢ ᠶᠢᠨ ᠵᠠᠮ ᠤᠨ ᠣᠷᠳᠣᠰ | ᠬᠤᠲᠠ ᠶᠢᠨ ᠬᠠᠩᠭᠢᠨ ᠬᠤᠰᠢᠭᠤᠨ ᠤ ᠵᠠᠮ ᠤᠨ ᠬᠡᠰᠡᠭ ᠪᠣᠯᠤᠨ ᠣᠲᠤᠭ ᠬᠤᠰᠢᠭᠤᠨ ᠤ ᠵᠠᠮ ᠤᠨ ᠬᠡᠰᠡᠭ ᠲᠤ | ᠲᠥᠪᠯᠡᠷᠡᠵᠦ ᠪᠣᠢ᠃ | |