ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/5
    6 ᠳ᠋ᠤᠭᠠᠷ ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠲᠢᠶᠠᠨ ᠶᠠ ᠯᠢ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ  ᠤᠨ ᠳᠡᠳ᠋ ᠳᠠᠷᠤᠭ᠎ᠠ ᠵᠠᠩ ᡁᠢ ᠴᠢᠤᠸᠠᠨ ᠬᠤᠯᠪᠣᠭᠳᠠᠯ ᠪᠥᠬᠦᠶ ᠭᠠᠵᠠᠷ ᠣᠷᠣᠨ ᠪᠣᠯᠤᠨ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃
0605.jpg
     ᠭᠤᠤ ᠱᠢ ᠴᠢᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠨᠢ ᠨᠢᠭᠡᠨᠲᠡ ᠨᠠᠮ ᠤᠨ ᠰᠢᠨ᠎ᠡ ᠴᠠᠭ ᠦᠶ᠎ᠡ ᠶᠢᠨ ᠢᠲᠡᠭᠡᠯ ᠪᠠᠶᠢᠭᠤᠯᠬᠤ ᠠᠵᠢᠯᠯᠠᠭ᠎ᠠ ᠪᠤᠯᠵᠤ᠂ ᠰᠢᠨ᠎ᠡ ᠴᠠᠭ ᠦᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠶᠢᠨ ︽ᠰᠢᠵᠢᠷ ᠠᠯᠳᠠᠨ ᠨᠡᠷ᠎ᠡ ᠶᠢᠨ ᠬᠠᠭᠤᠳᠠᠰᠤ︾ ᠪᠣᠯᠵᠠᠢ᠃ ᠲᠢᠩᠬᠢᠮ ᠤᠨ ᠰᠢᠭᠤᠳ ᠬᠠᠷᠢᠶ᠎ᠠ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠦᠨᠵᠡᠭᠡᠶ ᠪᠠᠶᠢᠴᠠᠭᠠᠨ ᠦᠵᠡᠵᠦ ᠡᠷᠭᠢᠴᠡᠭᠦᠯᠦᠨ ᠪᠣᠳᠣᠯᠬᠢᠯᠠᠵᠤ᠂ ᠤᠬᠠᠮᠰᠠᠷ  ᠠᠴᠠ ᠪᠠᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠵᠣᠷᠢᠭᠲᠠᠶ ᠪᠠᠷ ᠠᠵᠢᠯ ᠬᠢᠵᠦ ᠦᠶᠯᠡᠰ ᠪᠤᠰᠬᠠᠵᠤ᠂ ᠰᠤᠷᠲᠠᠯ ᠤᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠨᠢᠭᠡ ᠳᠤ᠂ ᠬᠡᠷᠡᠭ ᠢᠶᠠᠷ ᠶᠣᠰᠣ ᠰᠤᠷᠲᠠᠬᠤᠨ ᠢ ᠶᠠᠷᠢᠵᠤ᠂ ᠨᠠᠮ ᠳᠤ ᠪᠠᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠰᠤᠷᠲᠠᠯ ᠢ ᠪᠠᠲᠤ ᠪᠤᠢ ᠪᠣᠯᠭᠠᠵᠤ᠂ ᠶᠡᠭᠡ ᠶᠣᠰᠣ ᠰᠤᠷᠲᠠᠬᠤᠨ ᠢ ᠣᠶᠢᠯᠠᠭᠠᠵᠤ᠂ ᠨᠡᠶᠢᠲᠡ ᠶᠢᠨ ᠶᠣᠰᠣ ᠰᠤᠷᠲᠠᠬᠤᠨ ᠢ ᠰᠠᠬᠢᠵᠤ᠂ ᠬᠤᠪᠢ ᠶᠢᠨ ᠶᠣᠰᠣ ᠰᠤᠷᠲᠠᠬᠤᠨ ᠢ ᠴᠢᠩᠳᠠᠯᠠᠵᠤ᠂ ᠪᠠᠲᠤ ᠴᠢᠩᠭ᠎ᠠ ᠨᠠᠮᠴᠢ ᠴᠢᠨᠠᠷ ᠢ ᠪᠣᠯᠪᠠᠰᠤᠷᠠᠭᠤᠯᠵᠤ᠂ ᠵᠣᠷᠢᠯᠲᠠ  ᠶᠢᠨ ᠤᠬᠠᠮᠰᠠᠷ ᠢᠶᠠᠨ ᠴᠢᠩᠭᠠᠳᠬᠠᠨ᠎ᠠ︔ ᠬᠤᠶᠠᠷ ᠲᠤ᠂ ᠬᠡᠷᠡᠭ ᠢᠶᠠᠷ ᠰᠠᠬᠢᠯᠭ᠎ᠠ ᠪᠠᠲᠤ ᠶᠢ ᠬᠡᠯᠡᠵᠦ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠵᠢᠷᠤᠮᠯᠠᠵᠤ᠂ ︽ᠦᠴᠦᠬᠡᠨ ᠰᠡᠳᠭᠢᠯ︾ ᠢ ᠰᠡᠷᠡᠮᠵᠢᠯᠡᠵᠦ᠂ ︽ᠪᠠᠭ᠎ᠠ ᠳᠤᠷ᠎ᠠ ᠰᠣᠨᠢᠷᠬᠠᠯ︾ ᠢ ᠠᠩᠬᠠᠷᠴᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠭᠠᠨ ᠱᠤᠭᠤᠮ ᠳᠤ ᠬᠠᠯᠳᠠᠬᠤ ᠦᠭᠡᠢ︔ ᠭᠤᠷᠪᠠ ᠳᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠤᠬᠠᠮᠰᠠᠷ ᠠᠴᠠ ᠪᠠᠨ ᠬᠠᠤᠯᠢ ᠶᠢ ᠬᠦᠨᠳᠦᠳᠭᠡᠵᠦ ᠬᠠᠤᠯᠢ ᠶᠢ ᠰᠤᠷᠤᠯᠴᠠᠵᠤ ᠬᠠᠤᠯᠢ ᠶᠢ ᠰᠠᠬᠢᠵᠤ ᠬᠠᠤᠯᠢ ᠶᠢ ᠬᠡᠷᠡᠭᠯᠡᠵᠦ᠂ ᠲᠦᠷᠦᠭᠦᠯᠡᠨ ᠬᠠᠤᠯᠢ ᠪᠠᠷ ᠵᠠᠰᠠᠬᠤ ᠶᠢ ᠬᠦᠨᠳᠦᠳᠬᠡᠵᠦ᠂ ᠬᠠᠤᠯᠢ ᠴᠠᠭᠠᠵᠠ ᠶᠢ ᠬᠦᠨᠳᠦᠳᠬᠡᠵᠦ᠂ ᠬᠠᠤᠯᠢ ᠴᠠᠭᠠᠵᠠ ᠶᠢ ᠰᠤᠷᠤᠯᠴᠠᠵᠤ᠂ ᠬᠠᠤᠯᠢ ᠴᠠᠭᠠᠵᠠ ᠶᠢ ᠡᠵᠡᠮᠰᠢᠵᠦ᠂ ᠬᠠᠤᠯᠢ ᠴᠠᠭᠠᠵᠠ ᠶᠢ ᠵᠢᠷᠤᠮᠯᠠᠵᠤ᠂ ᠬᠠᠤᠯᠢ ᠪᠠᠷ ᠵᠠᠰᠠᠬᠤ ᠶᠢ ᠬᠠᠮᠠᠭᠠᠯᠠᠵᠤ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭᠠᠷ ᠠᠵᠢᠯᠯᠠᠨ᠎ᠠ︔ ᠲᠦᠷᠪᠡ ᠳᠤ᠂ ᠬᠡᠷᠡᠭ ᠢᠶᠠᠷ ᠬᠠᠷᠢᠭᠤᠴᠠᠯᠭ᠎ᠠ ᠲᠤᠯᠭᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠵᠦ᠂ ᠪᠣᠳᠠᠲᠠᠢ ᠠᠵᠢᠯᠯᠠᠵᠤ ᠪᠣᠳᠠᠲᠤ ᠠᠮᠵᠢᠯᠲᠠ  ᠪᠠᠷ ᠵᠣᠬᠢᠶᠠᠨ ᠪᠠᠶᠢᠭᠤᠯᠤᠯᠲᠠ ᠪᠣᠯᠤᠨ ᠤᠯᠠᠨ ᠲᠦᠮᠡᠨ ᠳᠤ ᠬᠠᠨᠤᠮᠵᠢᠲᠠᠢ ᠴᠣ ᠰᠢᠨ᠎ᠡ ᠬᠠᠷᠢᠭᠤᠯᠲᠠ ᠶᠢᠨ ᠬᠠᠭᠤᠳᠠᠰᠤ  ᠶᠢ ᠪᠢᠴᠢᠭᠯᠡᠨ᠎ᠡ ᠭᠡᠵᠦ ᠱᠠᠭᠠᠷᠳᠠᠪᠠ᠃      ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠶᠡᠷᠦᠩᠬᠡᠶ ᠢᠨᠵᠧᠨᠧᠷ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠪᠥᠬᠦ ᠠᠵᠢᠯᠲᠠᠨ᠂ ᠲᠢᠩᠬᠢᠮ ᠤᠨ ᠪᠠᠶᠢᠭᠤᠯᠭ᠎ᠠ ᠶᠢᠨ ᠪᠥᠬᠦ ᠠᠯᠪᠠᠲᠠᠨ᠂ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ ᠶᠢᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷᠴᠤᠳ ᠭᠤᠤᠯ ᠬᠤᠷᠠᠯ ᠤᠨ ᠲᠠᠯᠠᠪᠠᠶ  ᠳᠤ ᠬᠤᠷᠠᠯ ᠳᠤ ᠣᠷᠣᠯᠴᠠᠪᠠ︔ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ ᠶᠢᠨ ᠰᠠᠯᠠᠭᠠᠨ ᠲᠡᠰ ᠤᠨ ᠺᠠᠳ᠋ᠷᠴᠤᠳ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号