ᠰᠢᠨ᠎ᠡ ᠴᠠᠭ ᠦᠶ᠎ᠡ ᠵᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠶ᠋ᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠨ ᠪᠦᠲᠦᠨ ᠵᠥᠪ ᠣᠨᠣᠪᠴᠢᠲᠠᠢ ᠪᠥᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠶᠠ
ᠰᠢᠨᠬᠤᠸᠠ ᠬᠤᠷᠢᠶ᠎ᠠ ᠵᠢᠨ ᠪᠡᠭᠡᠵᠢᠩ᠎ᠤᠨ 1 ᠰᠠᠷ᠎ᠠ ᠵᠢᠨ 15᠎ᠤ ᠴᠠᠬᠢᠯᠭ᠋ᠠᠨ ᠮᠡᠳᠡᠭᠡ 1 ᠰᠠᠷ᠎ᠠ ᠵᠢᠨ 16᠎ᠤ ᠡᠳᠦᠷ ᠬᠡᠪᠯᠡᠭᠳᠡᠭᠰᠡᠨ 2 ᠳ᠋ᠤᠭ᠋ᠠᠷ ᠬᠤᠭᠤᠴᠠᠭ᠋ᠠᠨ᠎ᠤ 《ᠦᠨᠡᠨ》 ᠰᠡᠳᠬᠦᠯ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ᠎ᠤᠨ 《ᠰᠢᠨ᠎ᠡ ᠴᠠᠭ ᠦᠶ᠎ᠡ ᠵᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠶ᠋ᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠶᠠ》 ᠭᠡᠬᠦ ᠴᠢᠬᠤᠯᠠ ᠵᠣᠬᠢᠶᠠᠯ᠎ᠢ ᠨᠡᠶ᠋ᠢᠲᠡᠯᠡᠪᠡ᠃
ᠵᠣᠬᠢᠶᠠᠯ᠎ᠳᠤ᠂ ᠨᠢᠭᠡᠳᠦᠮᠡᠯ ᠹᠷᠣᠨᠲ ᠪᠣᠯ ᠨᠠᠮ᠎ᠤᠨ ᠶᠡᠷᠦᠩᠬᠡᠢ ᠱᠤᠭᠤᠮ ᠶᠡᠷᠦᠩᠬᠡᠢ ᠲᠦᠷᠦ ᠵᠢᠨ ᠪᠣᠳᠣᠯᠭ᠎ᠠ ᠵᠢᠨ ᠴᠢᠬᠤᠯᠠ ᠪᠦᠷᠢᠯᠳᠦᠭᠦᠨ ᠬᠡᠰᠡᠭ ᠮᠥᠨ᠂ ᠮᠠᠨ᠎ᠤ ᠤᠯᠤᠰ᠎ᠤᠨ ᠬᠤᠪᠢᠰᠬᠠᠯ᠂ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠠᠳᠠᠯᠢ ᠪᠤᠰᠤ ᠲᠡᠦᠬᠡᠨ ᠴᠠᠭ ᠦᠶ᠎ᠡ᠎ᠳᠤ ᠴᠢᠬᠤᠯᠠ ᠦᠢ᠍ᠯᠡᠳᠦᠯ ᠦᠵᠡᠭᠦᠯᠪᠡ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ ᠠᠴᠠ ᠨᠠᠭ᠋ᠠᠰᠢ᠂ ᠨᠠᠮ᠎ᠠᠴᠠ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠪᠦᠬᠦ ᠲᠠᠯ᠎ᠠ ᠪᠣᠯᠣᠨ ᠳᠡᠯᠡᠬᠡᠢ ᠳ᠋ᠠᠬᠢᠨ᠎ᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠵᠢ ᠨᠢᠭᠡᠳᠦᠯᠲᠡᠢ ᠲᠥᠯᠥᠪᠵᠢᠭᠦᠯᠵᠦ᠂ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠪᠠᠶ᠋ᠢᠯᠳᠤᠬᠤ ᠪᠣᠳᠣᠯᠭ᠎ᠠ ᠵᠢᠨ ᠥᠨᠳᠥᠷᠴᠡ᠎ᠠᠴᠠ ᠨᠢᠭᠡᠳᠦᠮᠡᠯ ᠹᠷᠣᠨᠲ᠎ᠤᠨ ᠠᠵᠢᠯ᠎ᠳᠤ ᠪᠦᠬᠦ ᠲᠠᠯ᠎ᠠ ᠵᠢᠨ ᠪᠠᠶ᠋ᠢᠷᠢᠯᠠᠭᠤᠯᠤᠯᠲᠠ ᠬᠢᠵᠦ᠂ ᠨᠢᠭᠡᠳᠦᠮᠡᠯ ᠹᠷᠣᠨᠲ᠎ᠤᠨ ᠠᠵᠢᠯ᠎ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠵᠢ ᠠᠬᠢᠭᠤᠯᠵᠤ᠂ ᠨᠢᠭᠡᠳᠦᠮᠡᠯ ᠹᠷᠣᠨᠲ᠎ᠨᠢ ᠪᠦᠯᠬᠦᠮᠳᠡᠬᠦ᠂ ᠡᠷᠡᠯᠬᠡᠭᠯᠡᠨ ᠤᠷᠤᠭᠰᠢᠯᠠᠬᠤ᠂ ᠵᠠᠮ ᠨᠡᠭᠡᠭᠡᠬᠦ᠂ ᠬᠥᠭᠵᠢᠶᠡᠨᠲᠡᠢ ᠪᠠᠶ᠋ᠢᠬᠤ ᠰᠠᠶ᠋ᠢᠨ ᠰᠠᠶ᠋ᠢᠬᠠᠨ ᠪᠠᠶ᠋ᠢᠳᠠᠯ᠎ᠢ ᠢᠯᠡᠷᠡᠭᠦᠯᠵᠡᠢ ᠭᠡᠵᠦ ᠴᠢᠬᠤᠯᠠᠴᠢᠯᠠᠪᠠ᠃
ᠵᠣᠬᠢᠶᠠᠯ᠎ᠳᠤ᠂ ᠰᠢᠨ᠎ᠡ ᠴᠠᠭ ᠦᠶ᠎ᠡ ᠵᠢᠨ ᠨᠢᠭᠡᠳᠦᠮᠡᠯ ᠹᠷᠣᠨᠲ᠎ᠤᠨ ᠠᠵᠢᠯ᠎ᠤᠨ ᠣᠯᠣᠭᠰᠠᠨ ᠬᠠᠮᠤᠭ᠎ᠤᠨ ᠶᠡᠭᠡ ᠦᠷ᠎ᠡ ᠪᠦᠲᠦᠭᠡᠯ ᠪᠣᠯ ᠳᠠᠷᠤᠢ ᠦᠢ᠍ᠯᠡᠳᠦᠯᠭᠡ ᠵᠢᠨ ᠳᠤᠮᠳᠠ ᠰᠢᠨ᠎ᠡ ᠴᠠᠭ ᠦᠶ᠎ᠡ ᠵᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠶ᠋ᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠯᠳᠦᠭᠦᠯᠵᠦ᠂ ᠨᠢᠭᠡᠳᠦᠮᠡᠯ ᠹᠷᠣᠨᠲ᠎ᠤᠨ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠠᠯᠢ ᠤᠯᠠᠨ ᠰᠢᠨ᠎ᠡ ᠣᠶ᠋ᠢᠯᠠᠭ᠋ᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶ᠋ᠢᠯᠳᠤᠬᠤ ᠪᠣᠳᠣᠯᠭ᠎ᠠ ᠵᠢ ᠳᠤᠷᠠᠳᠤᠭᠰᠠᠨ ᠶᠠᠪᠤᠳᠠᠯ ᠪᠣᠯᠣᠨ᠎ᠠ᠃ ᠬᠤᠷᠢᠶᠠᠩᠭᠤᠶ᠋ᠢᠯᠠᠪᠠᠯ ᠳᠣᠣᠷᠠᠬᠢ 12 ᠲᠠᠯ᠎ᠠ ᠪᠣᠯᠣᠨ᠎ᠠ᠃ ᠨᠢᠭᠡᠳᠦᠭᠡᠷ᠎ᠲᠤ᠂ ᠡᠷᠬᠡᠪᠰᠢ ᠨᠢᠭᠡᠳᠦᠮᠡᠯ ᠹᠷᠣᠨᠲ᠎ᠤᠨ ᠴᠢᠬᠤᠯᠠ ᠡᠷᠳᠡᠨᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠨᠢᠭᠡᠳᠦᠮᠡᠯ ᠹᠷᠣᠨᠲ ᠪᠣᠯ ᠨᠠᠮ᠎ᠤᠨ ᠳᠠᠶ᠋ᠢᠰᠤᠨ᠎ᠢ ᠳᠠᠷᠤᠵᠤ ᠢᠯᠠᠯᠲᠠ ᠣᠯᠬᠤ᠂ ᠲᠦᠷᠦ ᠪᠠᠷᠢᠵᠤ ᠤᠯᠤᠰ ᠵᠶ᠋ᠠᠨ ᠮᠠᠨᠳᠤᠭᠤᠯᠬᠤ ᠵᠢᠨ ᠴᠢᠬᠤᠯᠠ ᠡᠷᠳᠡᠨᠢ ᠮᠥᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠦᠬᠦ ᠳᠤᠮᠳᠠᠳᠤ ᠵᠢᠨ ᠬᠥᠪᠡᠭᠦᠳ ᠥᠬᠢᠳ᠎ᠢ ᠪᠦᠯᠬᠦᠮᠳᠡᠭᠦᠯᠵᠦ ᠪᠠᠶ᠋ᠢᠭ᠋ᠠᠳ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠴᠢᠬᠤᠯᠠ ᠡᠷᠳᠡᠨᠢ ᠮᠥᠨ ᠪᠣᠯᠬᠤᠷ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠲᠡᠢ᠃ ᠤᠳᠤ᠂ ᠨᠢᠭᠡᠳᠦᠮᠡᠯ ᠹᠷᠣᠨᠲ᠎ᠤᠨ ᠠᠵᠢᠯ ᠴᠠᠭ ᠦᠶ᠎ᠡ᠎ᠠᠴᠠ ᠬᠤᠴᠣᠷᠤᠭᠰᠠᠨ ᠪᠢᠰᠢ᠂ ᠴᠢᠬᠤᠯᠠ ᠦᠭᠡᠢ ᠪᠣᠯᠤᠭᠰᠠᠨ ᠪᠢᠰᠢ᠂ ᠬᠠᠷᠢᠨ ᠨᠡᠩ ᠴᠢᠬᠤᠯᠠ ᠪᠣᠯᠵᠠᠢ᠃ ᠬᠤᠶᠠᠳᠤᠭ᠋ᠠᠷ᠎ᠲᠤ᠂ ᠡᠷᠬᠡᠪᠰᠢ ᠬᠥᠮᠥᠨ᠎ᠤ ᠰᠡᠳᠬᠢᠯ ᠪᠠ ᠬᠦᠴᠦᠨ ᠴᠢᠳᠠᠯ᠎ᠤᠨ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠢ᠃ ᠬᠥᠮᠥᠨ᠎ᠤ ᠰᠡᠳᠬᠢᠯ᠎ᠤᠨ ᠬᠠᠨᠳᠤᠰᠢ᠂ ᠬᠦᠴᠦᠨ ᠴᠢᠳᠠᠯ᠎ᠤᠨ ᠬᠠᠷᠢᠴᠠᠯ ᠪᠣᠯ ᠨᠠᠮ ᠪᠠ ᠠᠷᠠᠳ ᠲᠦᠮᠡᠨ᠎ᠤ ᠦᠢ᠍ᠯᠡᠰ᠎ᠤᠨ ᠢᠯᠠᠵᠤ ᠢᠯᠠᠭᠳᠠᠬᠤ ᠵᠢ ᠲᠣᠭᠲᠠᠭ᠋ᠠᠬᠤ ᠵᠠᠩᠭᠢᠯᠠᠭ᠎ᠠ ᠮᠥᠨ᠂ ᠬᠠᠮᠤᠭ᠎ᠤᠨ ᠶᠡᠭᠡ ᠤᠯᠤᠰ ᠲᠦᠷᠦ ᠮᠥᠨ᠃ ᠨᠢᠭᠡᠳᠦᠮᠡᠯ ᠹᠷᠣᠨᠲ᠎ᠤᠨ ᠠᠵᠢᠯ᠎ᠤᠨ ᠮᠥᠨ ᠴᠢᠨᠠᠷ᠎ᠤᠨ ᠱᠠᠭ᠋ᠠᠷᠳᠠᠯᠭ᠎ᠠ ᠪᠣᠯ ᠶᠡᠭᠡ ᠪᠦᠯᠬᠦᠮᠳᠡᠯ ᠶᠡᠭᠡ ᠬᠤᠯᠪᠣᠭ᠋ᠠᠯᠠᠯ ᠮᠥᠨ᠂ ᠰᠢᠢ᠍ᠳᠪᠦᠷᠢᠯᠡᠬᠦ ᠵᠦᠢ᠍ᠯ ᠪᠣᠯ ᠳᠠᠷᠤᠢ ᠬᠥᠮᠥᠨ᠎ᠤ ᠰᠡᠳᠬᠢᠯ ᠪᠠ ᠬᠦᠴᠦᠨ ᠴᠢᠳᠠᠯ᠎ᠤᠨ ᠠᠰᠠᠭᠤᠳᠠᠯ ᠮᠥᠨ᠃ ᠭᠤᠷᠪᠠᠳᠤᠭ᠋ᠠᠷ᠎ᠲᠤ᠂ ᠨᠢᠭᠡᠳᠦᠯᠲᠦ ᠴᠢᠨᠠᠷ ᠪᠠ ᠤᠯᠠᠨ ᠶᠠᠩᠵᠤᠲᠤ ᠴᠢᠨᠠᠷ᠎ᠤᠨ ᠬᠠᠷᠢᠴᠠᠭ᠎ᠠ ᠵᠢ ᠡᠷᠬᠡᠪᠰᠢ ᠵᠥᠪ ᠰᠢᠢ᠍ᠳᠪᠦᠷᠢᠯᠡᠬᠦ ᠬᠡᠷᠡᠭᠲᠡᠢ᠃ ᠡᠭᠦᠨ ᠤ ᠵᠠᠩᠭᠢᠯᠠᠭ᠎ᠠ᠎ᠨᠢ ᠠᠳᠠᠯᠢ᠎ᠪᠠᠨ ᠡᠷᠢᠵᠦ ᠵᠥᠷᠢᠶ᠎ᠡ᠎ᠪᠠᠨ ᠦᠯᠡᠳᠡᠭᠡᠬᠦ ᠵᠢ ᠪᠠᠷᠢᠮᠲᠠᠯᠠᠵᠤ᠂ 《ᠪᠦᠯᠬᠦᠮᠳᠡᠬᠦ – ᠰᠢᠭᠦᠮᠵᠢᠯᠡᠬᠦ – ᠪᠦᠯᠬᠦᠮᠳᠡᠬᠦ》 ᠰᠢᠯᠢᠳᠡᠭ ᠤᠯᠠᠮᠵᠢᠯᠠᠯ ᠵᠶ᠋ᠠᠨ ᠪᠠᠳᠠᠷᠠᠭᠤᠯᠵᠤ᠂ ᠤᠯᠠᠨ ᠶᠠᠩᠵᠤᠲᠤ ᠴᠢᠨᠠᠷ᠎ᠢ ᠬᠦᠨᠳᠦᠳᠬᠡᠬᠦ ᠳᠤᠮᠳᠠ ᠨᠢᠭᠡᠳᠦᠯᠲᠦ ᠴᠢᠨᠠᠷ᠎ᠢ ᠡᠷᠢᠯᠬᠢᠯᠡᠵᠦ᠂ ᠬᠠᠮᠤᠭ᠎ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠵᠢ ᠡᠷᠢᠨ ᠣᠯᠵᠤ᠂ ᠬᠠᠮᠤᠭ᠎ᠤᠨ ᠶᠡᠭᠡ ᠢᠵᠢᠯ ᠲᠥᠪ᠎ᠲᠦ ᠲᠣᠭᠤᠷᠢᠭ᠎ᠢ ᠵᠢᠷᠤᠬᠤ ᠬᠡᠷᠡᠭᠲᠡᠢ᠃ ᠳᠥᠷᠪᠡᠳᠦᠭᠡᠷ᠎ᠲᠤ᠂ ᠡᠷᠬᠡᠪᠰᠢ ᠳᠤᠮᠳᠠᠳᠤ ᠤᠯᠤᠰ᠎ᠤᠨ ᠰᠢᠨ᠎ᠡ ᠮᠠᠶᠢᠭ᠎ᠤᠨ ᠲᠦᠷᠦ ᠵᠢᠨ ᠨᠠᠮ᠎ᠤᠨ ᠳᠦᠷᠢᠮ᠎ᠢ ᠰᠠᠶ᠋ᠢᠲᠤᠷ ᠬᠥᠭᠵᠢᠭᠦᠯᠵᠦ ᠰᠠᠶ᠋ᠢᠲᠤᠷ ᠲᠡᠭᠦᠯᠳᠡᠷᠵᠢᠭᠦᠯᠬᠦ ᠵᠢ ᠪᠠᠷᠢᠮᠲᠠᠯᠠᠬᠤ ᠬᠡᠷᠡᠭᠲᠡᠢ᠃ ᠨᠢᠭᠡᠳᠦᠮᠡᠯ ᠹᠷᠣᠨᠲ᠎ᠤᠨ᠎ᠬᠢᠨ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ ᠵᠢᠨ ᠵᠡᠷᠭᠡ᠎ᠪᠠᠷ ᠤᠯᠠᠨ ᠨᠠᠮ ᠬᠠᠮᠲᠤᠷᠠᠨ ᠠᠵᠢᠯᠯᠠᠬᠤ᠎ᠳᠤ ᠰᠢᠨ᠎ᠡ ᠳᠦᠷᠰᠦ ᠪᠠᠶ᠋ᠢᠳᠠᠯ᠎ᠢ ᠢᠯᠡᠷᠡᠭᠦᠯᠬᠦ᠂ ᠦᠵᠡᠯ ᠰᠠᠨᠠᠭ᠋ᠠᠨ᠎ᠤ ᠬᠠᠮᠲᠤ ᠵᠢᠨ ᠲᠠᠨᠢᠯᠲᠠ ᠵᠢ ᠰᠢᠨ᠎ᠡ ᠳᠡᠭᠡᠭᠰᠢᠯᠡᠯᠲᠡ᠎ᠲᠠᠢ ᠪᠣᠯᠭ᠋ᠠᠬᠤ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠠᠬᠢᠭᠤᠯᠬᠤ ᠬᠡᠷᠡᠭᠲᠡᠢ᠃ ᠲᠠᠪᠤᠳᠤᠭ᠋ᠠᠷ᠎ᠲᠤ᠂ ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠰᠢᠵᠢᠮ ᠪᠣᠯᠭ᠋ᠠᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠣᠯ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ ᠮᠥᠨ᠃ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠦᠨᠳᠦᠰᠦᠲᠡᠨ᠎ᠨᠦᠭᠦᠳ᠎ᠤᠨ ᠠᠭᠤᠤ ᠶᠡᠭᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠳᠡᠭᠡᠳᠦ ᠬᠡᠮᠵᠢᠶ᠎ᠡ᠎ᠪᠠᠷ ᠮᠡᠳᠡᠷᠡᠬᠦ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ ᠭᠤᠲᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠲᠤ ᠪᠠᠬᠢ ᠪᠤᠢ ᠪᠣᠯᠭ᠋ᠠᠬᠤ ᠬᠡᠷᠡᠭᠲᠡᠢ᠃ ᠵᠢᠷᠭᠤᠳᠤᠭ᠋ᠠᠷ᠎ᠲᠤ᠂ ᠡᠷᠬᠡᠪᠰᠢ ᠮᠠᠨ᠎ᠤ ᠤᠯᠤᠰ᠎ᠤᠨ ᠱᠠᠰᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠨᠠᠮ᠎ᠤᠨ ᠱᠠᠰᠢᠨ ᠰᠤᠷᠲᠠᠬᠤᠨ᠎ᠤ ᠠᠵᠢᠯ᠎ᠤᠨ ᠤᠨᠤᠯ ᠪᠠ ᠴᠢᠭᠯᠡᠯᠲᠡ ᠲᠦᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ ᠂ ᠱᠠᠰᠢᠨ ᠰᠤᠷᠲᠠᠬᠤᠨ᠎ᠢ ᠢᠳᠡᠪᠬᠢᠲᠡᠢ᠎ᠪᠠᠷ ᠬᠥᠲᠥᠯᠥᠨ ᠵᠢᠯᠤᠭᠤᠳᠴᠤ ᠪᠠᠶ᠋ᠢᠭ᠋ᠠᠳ ᠨᠡᠶ᠋ᠢᠭᠡᠮ ᠵᠢᠷᠤᠮᠲᠤ ᠨᠡᠶ᠋ᠢᠭᠡᠮ᠎ᠯᠦᠭᠡ ᠵᠣᠬᠢᠴᠠᠯᠳᠤᠭᠤᠯᠬᠤ ᠬᠡᠷᠡᠭᠲᠡᠢ᠃ ᠳᠣᠯᠣᠳᠤᠭ᠋ᠠᠷ᠎ᠲᠤ᠂ ᠨᠠᠮ᠎ᠤᠨ ᠭᠠᠳᠠᠨᠠᠬᠢ ᠰᠡᠬᠡᠭᠡᠲᠡᠨ ᠪᠠ ᠨᠡᠶ᠋ᠢᠭᠡᠮ᠎ᠤᠨ ᠰᠢᠨ᠎ᠡ ᠳᠠᠪᠬᠤᠷᠭ᠎ᠠ ᠵᠢᠨ ᠬᠥᠮᠥᠰ᠎ᠤᠨ ᠨᠢᠭᠡᠳᠦᠮᠡᠯ ᠹᠷᠣᠨᠲ᠎ᠤᠨ ᠠᠵᠢᠯ᠎ᠢ ᠡᠷᠬᠡᠪᠰᠢ ᠰᠠᠶ᠋ᠢᠲᠤᠷ ᠬᠢᠬᠦ ᠬᠡᠷᠡᠭᠲᠡᠢ᠃ ᠨᠠᠮ᠎ᠤᠨ ᠭᠠᠳᠠᠨᠠᠬᠢ ᠰᠡᠬᠡᠭᠡᠲᠡᠨ᠎ᠤ ᠠᠵᠢᠯ᠎ᠢ ᠰᠠᠶ᠋ᠢᠲᠤᠷ ᠬᠢᠬᠦ᠎ᠳᠤ ᠭᠦᠢ᠍ᠴᠡᠳ ᠬᠦᠨᠳᠦᠳᠬᠡᠬᠦ ᠪᠣᠯ ᠤᠷᠢᠲᠠᠯ ᠮᠥᠨ᠂ ᠬᠥᠲᠥᠯᠥᠨ ᠵᠢᠯᠤᠭᠤᠳᠬᠤ᠎ᠪᠠᠨ ᠴᠢᠩᠭ᠋ᠠᠳᠬᠠᠬᠤ ᠪᠣᠯ ᠵᠠᠩᠭᠢᠯᠠᠭ᠎ᠠ ᠮᠥᠨ᠂ ᠦᠢ᠍ᠯᠡᠳᠦᠯ ᠵᠶ᠋ᠠᠨ ᠪᠠᠳᠠᠷᠠᠭᠤᠯᠬᠤ ᠪᠣᠯ ᠵᠣᠷᠢᠯᠭ᠎ᠠ ᠮᠥᠨ᠃ ᠨᠡᠶ᠋ᠢᠭᠡᠮ᠎ᠤᠨ ᠰᠢᠨ᠎ᠡ ᠳᠠᠪᠬᠤᠷᠭ᠎ᠠ ᠵᠢᠨ ᠬᠥᠮᠥᠰ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠪᠦᠲᠦᠭᠡᠨ ᠪᠠᠶ᠋ᠢᠭᠤᠯᠤᠭᠴᠢ ᠮᠥᠨ᠂ ᠲᠡᠳᠡᠨ᠎ᠢ ᠵᠣᠬᠢᠶᠠᠨ ᠪᠠᠶ᠋ᠢᠭᠤᠯᠵᠤ᠂ ᠬᠥᠲᠥᠯᠥᠨ ᠵᠢᠯᠤᠭᠤᠳᠬᠤ᠎ᠪᠠᠨ ᠴᠢᠩᠭ᠋ᠠᠳᠬᠠᠨ᠂ ᠦᠢ᠍ᠯᠡᠳᠦᠯ ᠵᠶ᠋ᠠᠨ ᠪᠠᠳᠠᠷᠠᠭᠤᠯᠬᠤ ᠬᠡᠷᠡᠭᠲᠡᠢ᠃ ᠨᠠᠢ᠍ᠮᠠᠳᠤᠭ᠋ᠠᠷ᠎ᠲᠤ᠂ ᠡᠷᠬᠡᠪᠰᠢ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠡᠷᠡᠭᠦᠯ ᠬᠥᠭᠵᠢᠬᠦ ᠪᠠ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠬᠥᠮᠥᠰ᠎ᠤᠨ ᠡᠷᠡᠭᠦᠯ ᠵᠶ᠋ᠠᠷ ᠥᠰᠦᠨ ᠪᠣᠶ᠋ᠢᠵᠢᠬᠤ ᠵᠢ ᠠᠬᠢᠭᠤᠯᠬᠤ ᠬᠡᠷᠡᠭᠲᠡᠢ᠃ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠡᠷᠡᠭᠦᠯ ᠵᠶ᠋ᠠᠷ ᠬᠥᠭᠵᠢᠬᠦ ᠪᠠ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠬᠥᠮᠥᠰ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ ᠵᠢ ᠠᠬᠢᠭᠤᠯᠬᠤ ᠪᠣᠯ ᠴᠢᠬᠤᠯᠠ ᠶᠡᠭᠡ ᠠᠵᠤ ᠠᠬᠤᠢ ᠵᠢᠨ ᠠᠰᠠᠭᠤᠳᠠᠯ ᠮᠥᠨ᠂ ᠪᠠᠰᠠ ᠴᠤ᠌ ᠴᠢᠬᠤᠯᠠ ᠶᠡᠭᠡ ᠤᠯᠤᠰ ᠲᠦᠷᠦ ᠵᠢᠨ ᠠᠰᠠᠭᠤᠳᠠᠯ ᠮᠥᠨ᠃ ᠬᠦᠰᠡᠯᠡᠩ ᠢᠲᠡᠭᠡᠯ ᠪᠢᠰᠢᠷᠡᠯ᠎ᠤᠨ ᠬᠥᠮᠦᠵᠢᠯ᠎ᠢ ᠭᠦᠨᠵᠡᠭᠡᠢ ᠥᠷᠨᠢᠭᠦᠯᠵᠦ᠂ ᠵᠠᠰᠠᠭ ᠤᠨ ᠣᠷᠳᠣᠨ ᠪᠠ ᠬᠤᠳᠠᠯᠳᠤᠭ᠋ᠠᠨ᠎ᠤ ᠬᠤᠭᠤᠷᠣᠨᠳᠤᠬᠢ ᠳᠣᠲᠣᠨᠣ ᠴᠢᠬᠡᠴᠢ ᠬᠠᠷᠢᠴᠠᠭ᠎ᠠ ᠵᠢ ᠪᠠᠶ᠋ᠢᠭᠤᠯᠬᠤ ᠵᠢ ᠠᠬᠢᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠬᠥᠮᠥᠰ᠎ᠢ ᠬᠥᠲᠥᠯᠥᠨ ᠵᠢᠯᠣᠭᠤᠳᠴᠤ ᠬᠢᠷᠢ ᠲᠡᠩᠴᠡᠭᠰᠡᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠪᠦᠲᠦᠭᠡᠨ ᠪᠠᠶ᠋ᠢᠭᠤᠯᠤᠭᠴᠢ ᠪᠣᠯᠭ᠋ᠠᠬᠤ ᠬᠡᠷᠡᠭᠲᠡᠢ᠃ ᠶᠢᠰᠦᠳᠦᠭᠡᠷ ᠲᠤ᠂ ᠰᠢᠶᠠᠩᠭ᠋ᠠᠩ ᠣᠣᠮᠧᠨ ᠲᠠᠶ᠋ᠢᠸᠠᠨ ᠪᠠ ᠭᠠᠳᠠᠭ᠋ᠠᠳᠤ᠎ᠳᠠᠬᠢ ᠨᠢᠭᠡᠳᠦᠮᠡᠯ ᠹᠷᠣᠨᠲ᠎ᠤᠨ ᠠᠵᠢᠯ᠎ᠤᠨ ᠬᠥᠮᠥᠰ᠎ᠤᠨ ᠰᠡᠳᠬᠢᠯ᠎ᠢ ᠣᠯᠬᠤ ᠦᠢ᠍ᠯᠡᠳᠦᠯ᠎ᠢ ᠡᠷᠬᠡᠪᠰᠢ ᠪᠠᠳᠠᠷᠠᠭᠤᠯᠬᠤ ᠬᠡᠷᠡᠭᠲᠡᠢ᠃ ᠤᠯᠤᠰ ᠵᠶ᠋ᠠᠨ ᠬᠠᠶ᠋ᠢᠷᠠᠯᠠᠬᠤ ᠰᠢᠶᠠᠩᠭ᠋ᠠᠩ ᠵᠶ᠋ᠠᠨ ᠬᠠᠶ᠋ᠢᠷᠠᠯᠠᠬᠤ᠂ ᠤᠯᠤᠰ ᠵᠶ᠋ᠠᠨ ᠬᠠᠶ᠋ᠢᠷᠠᠯᠠᠬᠤ ᠣᠣᠮᠧᠨ ᠵᠶ᠋ᠠᠨ ᠬᠠᠶ᠋ᠢᠷᠠᠯᠠᠬᠤ ᠬᠦᠴᠦᠨ᠎ᠢ ᠬᠥᠭᠵᠢᠭᠦᠯᠦᠨ ᠪᠤᠵᠠᠭ᠋ᠠᠶ᠋ᠢᠷᠠᠭᠤᠯᠵᠤ᠂ ᠰᠢᠶᠠᠩᠭ᠋ᠠᠩ᠂ ᠣᠣᠮᠧᠨ᠎ᠤ ᠤᠷᠳᠤ ᠬᠤᠭᠤᠴᠠᠭ᠋ᠠᠨ᠎ᠤ ᠴᠡᠴᠡᠭᠯᠡᠯ ᠬᠥᠭᠵᠢᠯ ᠪᠠ ᠲᠣᠭᠲᠠᠭᠤᠨ ᠪᠠᠶ᠋ᠢᠳᠠᠯ᠎ᠢ ᠬᠠᠮᠠᠭ᠋ᠠᠯᠠᠵᠤ᠂ 《ᠨᠢᠭᠡ ᠤᠯᠤᠰ᠎ᠲᠤ ᠬᠤᠶᠠᠷ ᠪᠠᠶ᠋ᠢᠭᠤᠯᠤᠯ᠎ᠢ ᠬᠡᠷᠡᠭᠵᠢᠭᠦᠯᠬᠦ》 ᠦᠢ᠍ᠯᠡᠳᠦᠯᠭᠡ ᠵᠢᠨ ᠯᠠᠪᠳᠠᠭᠤᠨ ᠳᠠᠭ᠋ᠠᠭ᠋ᠠᠮᠠᠭ᠋ᠠᠢ ᠶᠠᠪᠤᠭᠳᠠᠬᠤ ᠵᠢ ᠦᠨᠡᠨ ᠬᠦ᠌ ᠪᠠᠲᠤᠯᠠᠨ᠎ᠠ᠃ ᠰᠢᠨ᠎ᠡ ᠴᠠᠭ ᠦᠶ᠎ᠡ ᠵᠢᠨ ᠨᠠᠮ᠎ᠤᠨ ᠲᠠᠶ᠋ᠢᠸᠠᠨ᠎ᠤ ᠠᠰᠠᠭᠤᠳᠠᠯ᠎ᠢ ᠰᠢᠢ᠍ᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠵᠢ ᠲᠤᠭᠤᠰᠢᠯᠠᠭᠤᠯᠵᠤ᠂ ᠲᠠᠶ᠋ᠢᠸᠠᠨ᠎ᠤ ᠤᠯᠤᠰ ᠵᠶ᠋ᠠᠨ ᠬᠠᠶ᠋ᠢᠷᠠᠯᠠᠬᠤ ᠨᠢᠭᠡᠳᠦᠮᠡᠯ ᠹᠷᠣᠨᠲ᠎ᠤᠨ ᠬᠦᠴᠦᠨ᠎ᠢ ᠬᠥᠭᠵᠢᠭᠦᠯᠦᠨ ᠪᠤᠵᠠᠭ᠋ᠠᠶ᠋ᠢᠷᠠᠭᠤᠯᠵᠤ᠂ 《ᠲᠠᠶ᠋ᠢᠸᠠᠨ᠎ᠢ ᠲᠤᠰᠠᠭ᠋ᠠᠷ ᠲᠣᠭᠲᠠᠨᠢᠭᠤᠯᠬᠤ》 ᠬᠠᠭ᠋ᠠᠴᠠᠭᠤᠯᠬᠤ ᠠᠵᠢᠯᠯᠠᠭ᠎ᠠ ᠵᠢ ᠡᠰᠡᠷᠭᠦᠴᠡᠵᠦ᠂ ᠡᠬᠡ ᠤᠯᠤᠰ᠎ᠤᠨ ᠪᠦᠷᠢᠨ ᠨᠢᠭᠡᠳᠦᠯ᠎ᠢ ᠠᠬᠢᠭᠤᠯᠤᠨ᠎ᠠ᠃ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠪᠡᠶᠡᠯᠡᠭᠦᠯᠦᠨ ᠬᠠᠮᠲᠤ᠎ᠪᠠᠷ ᠡᠳ᠋ᠯᠡᠬᠦ ᠭᠤᠣᠯ ᠰᠡᠳᠦᠪ᠎ᠤᠨ ᠲᠣᠭᠤᠷᠢᠨ᠎ᠳᠤ᠂ ᠭᠠᠳᠠᠭ᠋ᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠪᠠ ᠤᠯᠤᠰ᠎ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠵᠢᠴᠢ ᠬᠠᠷᠢᠶᠠᠲᠤ ᠨᠠᠷ᠎ᠤᠨ ᠭᠡᠷ ᠪᠦᠯᠢ ᠵᠢᠨ᠎ᠬᠢᠨ᠎ᠢ ᠢᠳᠡᠪᠬᠢᠲᠡᠢ᠎ᠪᠠᠷ ᠬᠥᠲᠥᠯᠥᠨ ᠵᠢᠯᠤᠭᠤᠳᠴᠤ ᠪᠠᠶ᠋ᠢᠭ᠋ᠠᠳ ᠡᠬᠡ ᠤᠯᠤᠰ᠎ᠤᠨ ᠵᠶ᠋ᠠᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠪᠠ ᠨᠠᠶ᠋ᠢᠷᠠᠮᠳᠠᠯ ᠵᠶ᠋ᠠᠷ ᠨᠢᠭᠡᠳᠬᠡᠬᠦ ᠶᠡᠭᠡ ᠦᠢ᠍ᠯᠡᠰ᠎ᠤᠨ ᠲᠥᠯᠥᠭᠡ ᠬᠦᠴᠦᠯᠡᠨ ᠴᠢᠷᠮᠠᠶ᠋ᠢᠨ᠎ᠠ᠃ ᠠᠷᠪᠠᠳᠤᠭ᠋ᠠᠷ᠎ᠲᠤ᠂ ᠡᠷᠬᠡᠪᠰᠢ ᠨᠠᠮ᠎ᠤᠨ ᠭᠠᠳᠠᠨᠠᠬᠢ ᠲᠥᠯᠥᠭᠡᠯᠡᠭᠴᠢ ᠬᠥᠮᠥᠰ᠎ᠤᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠬᠥᠮᠥᠵᠢᠯ᠎ᠢ ᠴᠢᠩᠭ᠋ᠠᠳᠬᠠᠨ᠂ ᠬᠡᠪ ᠴᠢᠨᠠᠷ᠎ᠢ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠬᠡᠷᠡᠭᠯᠡᠨ᠂ ᠦᠢ᠍ᠯᠡᠳᠦᠯ ᠵᠶ᠋ᠠᠨ ᠪᠠᠳᠠᠷᠠᠭᠤᠯᠵᠤ᠂ ᠮᠠᠨ᠎ᠤ ᠨᠠᠮ᠎ᠲᠠᠢ ᠨᠢᠭᠲᠠ ᠬᠠᠮᠲᠤᠷᠠᠨ ᠠᠵᠢᠯᠯᠠᠬᠤ ᠨᠢᠭᠡ ᠪᠦᠯᠦᠭ ᠨᠠᠮ᠎ᠤᠨ ᠭᠠᠳᠠᠨᠠᠬᠢ ᠲᠥᠯᠥᠭᠡᠯᠡᠭᠴᠢ ᠬᠥᠮᠥᠰ᠎ᠢ ᠬᠦᠴᠦᠯᠡᠨ ᠬᠥᠮᠥᠵᠢᠭᠦᠯᠬᠦ ᠬᠡᠷᠡᠭᠲᠡᠢ᠃ ᠠᠷᠪᠠᠨ ᠨᠢᠭᠡᠳᠦᠭᠡᠷ᠎ᠲᠤ᠂ ᠨᠢᠭᠡᠳᠦᠮᠡᠯ ᠹᠷᠣᠨᠲ᠎ᠤᠨ ᠠᠵᠢᠯ᠎ᠢ ᠰᠠᠶ᠋ᠢᠲᠤᠷ ᠬᠢᠬᠦ ᠵᠢᠮ᠎ᠡ ᠶᠣᠰᠣ ᠵᠢ ᠡᠷᠬᠡᠪᠰᠢ ᠡᠵᠡᠮᠰᠢᠬᠦ ᠬᠡᠷᠡᠭᠲᠡᠢ᠃ ᠨᠠᠮ᠎ᠤᠨ ᠭᠠᠳᠠᠨᠠᠬᠢ ᠬᠥᠮᠥᠰᠯᠦᠭᠡ ᠵᠢᠨ ᠪᠦᠯᠬᠦᠮᠳᠡᠯ ᠬᠠᠷᠢᠯᠴᠠᠭ᠎ᠠ᠎ᠪᠠᠨ ᠴᠢᠩᠭ᠋ᠠᠳᠬᠠᠵᠤ᠂ ᠬᠤᠯᠪᠣᠭ᠋ᠠᠲᠠᠨᠤᠪᠠᠨ ᠠᠰᠢᠭ ᠲᠤᠰᠠ ᠵᠢ ᠬᠦᠨᠳᠦᠳᠬᠡᠬᠦ᠂ ᠬᠠᠮᠠᠭ᠋ᠠᠯᠠᠬᠤ᠂ ᠬᠠᠷᠠᠭ᠋ᠠᠯᠵᠠᠬᠤ ᠵᠠᠷᠴᠢᠮ᠎ᠢ ᠪᠠᠷᠢᠮᠲᠠᠯᠠᠨ᠂ ᠦᠨᠡᠨᠴᠢ᠎ᠪᠠᠷ ᠬᠠᠨᠳᠤᠵᠤ᠂ ᠰᠡᠳᠬᠢᠯᠭᠡ᠎ᠪᠠᠷ ᠬᠥᠨᠳᠡᠵᠦ᠂ ᠶᠣᠰᠣ ᠤᠴᠢᠷ᠎ᠢ ᠣᠶ᠋ᠢᠯᠠᠭ᠋ᠠᠭᠤᠯᠵᠤ᠂ ᠪᠣᠳᠠᠲᠠᠢ᠎ᠪᠠᠷ ᠬᠠᠪᠰᠤᠷᠴᠤ᠂ ᠨᠠᠮ᠎ᠳᠠᠭᠠᠨ ᠦᠨᠡᠨ ᠰᠡᠳᠬᠢᠯ᠎ᠠᠴᠠ᠎ᠪᠠᠨ ᠨᠥᠬᠦᠷᠯᠡᠭᠰᠡᠨ ᠨᠠᠮ᠎ᠤᠨ ᠭᠠᠳᠠᠨᠠᠬᠢ ᠦᠯᠡᠮᠵᠢ ᠤᠯᠠᠨ ᠨᠠᠶ᠋ᠢᠵᠠ ᠨᠠᠷ᠎ᠲᠠᠢ ᠲᠠᠨᠢᠯᠴᠠᠬᠤ ᠬᠡᠷᠡᠭᠲᠡᠢ᠃ ᠠᠷᠪᠠᠨ ᠬᠤᠶᠠᠳᠤᠭ᠋ᠠᠷ᠎ᠲᠤ᠂ ᠨᠢᠭᠡᠳᠦᠮᠡᠯ ᠹᠷᠣᠨᠲ᠎ᠤᠨ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠡᠷᠬᠡᠪᠰᠢ ᠴᠢᠩᠭ᠋ᠠᠳᠬᠠᠬᠤ ᠬᠡᠷᠡᠭᠲᠡᠢ᠃ ᠨᠢᠭᠡᠳᠦᠮᠡᠯ ᠹᠷᠣᠨᠲ ᠪᠣᠯ ᠨᠠᠮ᠎ᠤᠨ ᠤᠳᠤᠷᠢᠳᠤᠭᠰᠠᠨ ᠨᠢᠭᠡᠳᠦᠮᠡᠯ ᠹᠷᠣᠨᠲ ᠮᠥᠨ᠂ ᠨᠢᠭᠡᠳᠦᠮᠡᠯ ᠹᠷᠣᠨᠲ᠎ᠤᠨ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠦᠨᠡᠨ ᠬᠦ᠌ ᠪᠠᠲᠤᠯᠠᠬᠤ ᠬᠡᠷᠡᠭᠲᠡᠢ᠃ ᠨᠢᠭᠡᠳᠦᠮᠡᠯ ᠹᠷᠣᠨᠲ᠎ᠤᠨ ᠠᠵᠢᠯ ᠪᠣᠯ ᠪᠦᠬᠦ ᠨᠠᠮ ᠤᠨ ᠠᠵᠢᠯ ᠮᠥᠨ᠂ ᠡᠷᠬᠡᠪᠰᠢ ᠪᠦᠬᠦ ᠨᠠᠮ ᠵᠶ᠋ᠠᠷ ᠵᠶ᠋ᠠᠨ ᠴᠢᠬᠤᠯᠠᠴᠢᠯᠠᠵᠤ᠂ ᠤᠯᠠᠨ ᠵᠶ᠋ᠠᠷ ᠵᠶ᠋ᠠᠨ ᠬᠠᠮᠲᠤ᠎ᠪᠠᠷ ᠬᠢᠵᠦ᠂ ᠨᠠᠮ᠎ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠬᠤᠯᠪᠣᠭᠳᠠᠯ ᠪᠦᠬᠦᠢ ᠲᠠᠯ᠎ᠠ ᠵᠢᠨ᠎ᠬᠢᠨ ᠲᠤᠰ ᠲᠤᠰ᠎ᠤᠨ ᠬᠠᠷᠢᠭᠤᠴᠠᠯᠭ᠎ᠠ᠎ᠪᠠᠨ ᠬᠦᠨᠳᠦᠳᠬᠡᠬᠦ ᠶᠡᠭᠡ ᠨᠢᠭᠡᠳᠦᠮᠡᠯ ᠹᠷᠣᠨᠲ᠎ᠤᠨ ᠠᠵᠢᠯ᠎ᠤᠨ ᠪᠠᠶ᠋ᠢᠷᠢᠰᠢᠯ᠎ᠢ ᠪᠠᠶ᠋ᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠵᠣᠬᠢᠶᠠᠯ᠎ᠳᠤ᠂ ᠰᠢᠨ᠎ᠡ ᠴᠠᠭ ᠦᠶ᠎ᠡ ᠵᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠶ᠋ᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠣᠯ ᠨᠠᠮ᠎ᠤᠨ ᠨᠢᠭᠡᠳᠦᠮᠡᠯ ᠹᠷᠣᠨᠲ᠎ᠤᠨ ᠵᠠᠭᠤᠨ ᠵᠢᠯ᠎ᠤᠨ ᠬᠥᠭᠵᠢᠯᠲᠡ ᠵᠢᠨ ᠲᠡᠦᠬᠡ ᠵᠢᠨ ᠤᠶᠤᠨ ᠤᠬᠠᠭ᠋ᠠᠨ᠎ᠤ ᠤᠬᠢ ᠲᠠᠯᠠᠰᠲᠤ ᠮᠥᠨ᠂ ᠰᠢᠨ᠎ᠡ ᠴᠠᠭ ᠦᠶ᠎ᠡ ᠵᠢᠨ ᠨᠢᠭᠡᠳᠦᠮᠡᠯ ᠹᠷᠣᠨᠲ᠎ᠤᠨ ᠠᠵᠢᠯ᠎ᠤᠨ ᠦᠨᠳᠦᠰᠦᠨ ᠵᠦᠭᠯᠡᠭᠦᠷ ᠮᠥᠨ᠂ ᠪᠦᠬᠦ ᠨᠠᠮ ᠵᠶ᠋ᠠᠷ ᠵᠶ᠋ᠠᠨ ᠡᠷᠬᠡᠪᠰᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃